ᠯᠢᠦ ᠵᠢᠶᠦ᠋ᠨ ᠢ ᠴᠢᠨ ᡁᠢ ᠳ᠋ᠤᠤ ᠶᠢᠨ ᠡᠬᠢᠯᠡᠯᠲᠡ ᠶᠢᠨ ᠠᠭᠤᠳᠠᠮ ᠲᠠᠯᠠᠪᠠᠢ ᠶᠢ ᠴᠣᠭᠴᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 12  ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠬᠠᠷ᠎ᠠ ᠪᠤᠯᠠᠭ ᠪᠠᠯᠭᠠᠰᠤᠨ ᠤ ᠬᠥ᠋ ᠴᠧᠩ ᠲᠣᠰᠬᠤᠨ ᠳᠤ ᠬᠦᠷᠴᠦ᠂ ᠴᠢᠨ ᡁᠢ ᠳ᠋ᠤᠤ ᠶᠢᠨ ᠡᠬᠢᠯᠡᠯᠲᠡ ᠶᠢᠨ ᠠᠭᠤᠳᠠᠮ ᠲᠠᠯᠠᠪᠠᠶ ᠶᠢ ᠴᠣᠭᠴᠠᠯᠠᠬᠤ ᠠᠵᠢᠯ ᠢ ᠪᠠᠶᠢᠴᠠᠭᠠᠨ ᠰᠤᠳᠤᠯᠵᠤ᠂ ᠣᠶᠢᠷ᠎ᠠ ᠬᠠᠪᠢ ᠶᠢᠨ ᠣᠲᠣ ᠪᠠᠶᠢᠭ᠎ᠠ ᠪᠠᠷᠢᠯᠭ᠎ᠠ᠂ ᠴᠡᠴᠡᠷᠯᠢᠭ ᠠᠭᠤᠳᠠᠮ ᠲᠠᠯᠠᠪᠠᠶ ᠵᠡᠷᠭᠡ ᠣᠷᠣᠨ ᠵᠠᠶ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠲᠠᠢ ᠲᠤᠬᠠᠶ ᠶᠢᠨ ᠭᠠᠵᠠᠷ ᠲᠤᠨᠢ ᠰᠠᠨᠠᠯ ᠢᠶᠠᠨ ᠰᠣᠯᠢᠯᠴᠠᠵᠤ᠂ ᠴᠢᠨ ᡁᠢ ᠳ᠋ᠤᠤ ᠶᠢᠨ ᠡᠬᠢᠯᠡᠯᠲᠡ ᠶᠢᠨ ᠠᠭᠤᠳᠠᠮ ᠲᠠᠯᠠᠪᠠᠶ ᠶᠢᠨ ᠵᠢᠷᠤᠭ ᠲᠥᠯᠥᠪᠯᠡᠭᠡ ᠶᠢᠨ ᠲᠥᠰᠦᠯ ᠳᠤ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠪᠠ᠃    ᠯᠢᠦ ᠵᠢᠶᠦ᠋ᠨ ᠢ᠂ ᠴᠢᠨ ᡁᠢ ᠳ᠋ᠤᠤ ᠡᠬᠢᠯᠡᠯᠲᠡ ᠶᠢᠨ ᠴᠡᠭ ᠪᠣᠯ ᠪᠤᠭᠤᠲᠤ ᠶᠢᠨ ᠥᠪᠡᠷᠮᠢᠴᠡ ᠲᠡᠦᠬᠡ ᠰᠣᠶᠣᠯ ᠤᠨ ᠥᠪ ᠪᠣᠯᠤᠨ᠎ᠠ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠵᠤ᠂ ᠲᠡᠦᠬᠡ ᠶᠢᠨ ᠦᠨᠳᠦᠰᠦ ᠶᠢ ᠰᠠᠶᠢᠲᠤᠷ ᠬᠠᠮᠠᠭᠠᠯᠠᠵᠤ᠂ ᠡᠯ᠎ᠡ ᠰᠠᠯᠠᠭ᠎ᠠ ᠮᠥᠴᠢᠷ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠲᠥᠰᠦᠯ ᠢ ᠨᠠᠷᠢᠨ ᠬᠢᠨᠠᠮᠠᠭᠠᠢ ᠰᠤᠳᠤᠯᠤᠨ ᠵᠢᠷᠤᠵᠤ ᠲᠥᠯᠥᠪᠯᠡᠵᠦ᠂ ᠴᠢᠨ ᡁᠢ ᠳ᠋ᠤᠤ ᠶᠢᠨ ᠡᠬᠢᠯᠡᠯᠲᠡ ᠶᠢᠨ ᠠᠭᠤᠳᠠᠮ ᠲᠠᠯᠠᠪᠠᠶ ᠶᠢ ᠪᠦᠳᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠨ ᡁᠢ ᠳ᠋ᠤᠤ ᠶᠢᠨ ᠡᠬᠢᠯᠡᠯᠲᠡ ᠶᠢᠨ ᠴᠡᠭ ᠭᠡᠬᠦ ᠡᠨᠡ ᠬᠦ ᠲᠡᠦᠬᠡ ᠶᠢᠨ ᠥᠪ ᠢ ᠰᠡᠷᠡᠭᠳᠡᠵᠦ ᠪᠤᠯᠬᠤ ᠬᠦᠷᠦᠯᠴᠡᠵᠦ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠴᠢᠨ ᡁᠢ ᠳ᠋ᠤᠤ ᠦᠪ ᠬᠦᠷᠦᠩᠭᠡ ᠶᠢᠨ ᠠᠷᠤ ᠳᠠᠬᠢ ᠲᠡᠦᠬᠡ᠂ ᠰᠣᠶᠣᠯ ᠢᠷᠭᠡᠨᠰᠢᠯ ᠤᠨ ᠠᠭᠤᠯᠬᠤᠨ ᠢ ᠰᠢᠰᠲ᠋ᠧᠮ ᠲᠠᠢ ᠡᠮᠬᠢᠯᠡᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠳᠣᠲᠣᠭᠠᠳᠤ ᠥᠷᠲᠡᠭ ᠢ ᠭᠦᠨᠵᠡᠭᠡᠶ ᠠᠭᠤᠳᠠᠯᠵᠤ᠂ ᠰᠣᠶᠣᠯ ᠤᠨ ᠦᠵᠡᠭᠦᠯᠭᠡ ᠶᠢ ᠰᠠᠶᠢᠲᠤᠷ ᠬᠢᠵᠦ᠂ ᠰᠣᠶᠣᠯ ᠤᠨ ᠥᠯᠢᠭᠡᠷ ᠢ ᠰᠠᠶᠢᠲᠤᠷ ᠶᠠᠷᠢᠵᠤ᠂ ᠲᠡᠤᠬᠡ ᠶᠢᠨ ᠦᠪ ᠢ ᠳᠠᠬᠢᠨ ᠴᠤᠭ ᠵᠢᠪᠬᠤᠭ᠎ᠠ ᠲᠠᠢ ᠪᠤᠯᠭᠠᠨ᠎ᠠ᠃ ᠡᠷᠬᠢᠨ ᠲᠣᠭᠤᠷᠢᠨ ᠤ ᠴᠡᠴᠡᠷᠯᠢᠭ ᠠᠭᠤᠳᠠᠮ ᠲᠠᠯᠠᠪᠠᠢ ᠵᠡᠷᠭᠡ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠤᠯᠠᠮᠵᠢᠯᠠᠨ ᠬᠠᠮᠠᠭᠠᠯᠠᠬᠤ ᠪᠣᠯᠤᠨ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠠᠷᠢᠯᠴᠠᠨ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠦᠭᠵᠢᠭᠡᠨ᠎ᠡ᠃    ᠲᠤᠭᠤᠷᠢᠭ ᠤᠨ ᠤᠳᠤᠷᠢᠳᠤᠯᠭ᠎ᠠ ᠬᠠᠨ ᠮᠢᠩ ᠺᠠᠢ᠂ ᠹᠧᠩ ᠯᠸᠢ᠂ ᠰᠦᠩ ᠳ᠋ᠠᠨ ᠬᠤᠸᠠ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号