ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠲᠩᠷᠢ ᠶᠢᠨ ᠡᠯᠴᠢ ᠶᠢ ᠰᠠᠬᠢᠨ ᠬᠠᠮᠠᠭᠠᠯᠠᠶ᠎ᠠ ——ᠵᠢᠦ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠰᠢᠩ ᠢᠦᠶ ᠯᠦ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠲᠠᠢ ᠬᠠᠮᠲᠤᠷᠠᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠤᠯᠪᠠᠰᠤᠷᠠᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 12  ᠤᠨ ᠡᠳᠦᠷ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠰᠢᠩ ᠢᠦᠶ ᠯᠦ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠲᠠᠢ ᠭᠠᠷ ᠬᠤᠯᠪᠣᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠤᠯᠪᠠᠰᠤᠷᠠᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠵᠦ᠂ ᠪᠠᠭᠰᠢ ᠠᠵᠢᠯᠲᠠᠨ᠂ ᠬᠡᠷ ᠤᠨ ᠠᠬᠠᠮᠠᠳ ᠵᠢᠴᠢ ᠣᠨᠴᠠᠭᠠᠶ ᠬᠡᠦᠬᠡᠳ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠡᠮᠳᠡᠭ ᠬᠡᠦᠬᠡᠳ ᠲᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠠᠷ ᠵᠣᠷᠢᠯᠭ᠎ᠠ ᠪᠠᠨ ᠪᠣᠯᠭᠠᠵᠠᠶ᠃
11.jpg
    ᠪᠤᠯᠪᠠᠰᠤᠷᠠᠯ ᠤᠨ ᠳᠤᠮᠳᠠ᠂ ᠭᠠᠯ ᠤᠨᠲᠠᠷᠠᠭᠠᠬᠤ ᠰᠤᠷᠭᠠᠭᠴᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠠᠯ ᠤᠨ ᠠᠶᠤᠯ ᠤᠨ ᠬᠥᠨᠥᠭᠡᠯ ᠢ ᠲᠠᠶᠢᠯᠪᠤᠷᠢᠯᠠᠵᠤ᠂ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠬᠤᠭᠤᠴᠠᠭᠠᠨ ᠤ ᠰᠢᠢᠳᠪᠦᠷᠢᠯᠡᠬᠦ ᠵᠢᠴᠢ ᠠᠮᠢ ᠵᠢᠭᠤᠲᠠᠬᠤ ᠮᠡᠳᠡᠯᠭᠡ ᠶᠢ ᠴᠢᠭᠯᠡᠭᠦᠯᠬᠦ ᠴᠢᠨᠠᠷᠲᠠᠶ ᠪᠠᠷ ᠵᠢᠯᠣᠭᠤᠳᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠭᠤᠷ ᠵᠡᠷᠭᠡ ᠪᠠᠭᠠᠵᠢ ᠬᠡᠷᠡᠭᠰᠡᠯ ᠤᠨ ᠬᠡᠷᠡᠭᠯᠡᠬᠦ ᠠᠷᠭ᠎ᠠ ᠶᠢ ᠦᠵᠡᠭᠦᠯᠵᠦ᠂ ᠪᠥᠬᠦ ᠬᠥᠮᠦᠰ ᠲᠤᠬᠠᠶ ᠶᠢᠨ ᠲᠠᠯᠠᠪᠠᠶ ᠳᠤ ᠪᠣᠳᠠᠲᠠᠶ ᠠᠵᠢᠯᠯᠠᠬᠤ ᠪᠣᠯᠪᠠᠰᠤᠷᠠᠯ ᠬᠢᠵᠦ᠂ ᠮᠡᠷᠭᠡᠵᠢᠯ ᠤᠨ ᠴᠢᠳᠠᠪᠤᠷᠢ ᠪᠠᠨ ᠴᠢᠩᠭᠠᠷᠠᠭᠤᠯᠪᠠ᠃    ᠪᠣᠳᠠᠲᠤ ᠪᠠᠶᠢᠯᠳᠤᠭᠠᠨ ᠤ ᠰᠣᠷᠢᠯᠲᠠ ᠶᠢᠨ ᠳᠠᠭᠤᠷᠢᠶᠠᠮᠠᠯ ᠪᠠᠶᠢᠭᠤᠯᠤᠮᠵᠢ ᠶᠢᠨ ᠭᠡᠨᠡᠳᠲᠡ ᠶᠢᠨ ᠭᠠᠯ ᠭᠠᠷᠤᠭᠰᠠᠨ ᠪᠠᠴᠢᠮ ᠪᠠᠶᠢᠳᠠᠯ ᠳᠣᠣᠷ᠎ᠠ᠂ ᠤᠳᠤᠭ᠎ᠠ ᠤᠨᠢᠶᠠᠷ ᠠᠰᠠᠷ ᠤᠨ ᠵᠠᠮ ᠳᠡᠭᠡᠷ᠎ᠡ ᠳᠡᠭᠳᠡᠬᠦ ᠶᠢ ᠳᠠᠭᠠᠯᠳᠤᠨ᠂ ᠪᠦᠬᠦ ᠬᠥᠮᠦᠰ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠪᠠ᠃ ᠭᠠᠯ ᠤᠨᠲᠠᠷᠠᠭᠠᠬᠤ ᠳᠤᠭᠤᠶᠢᠯᠠᠩ᠂ ᠲᠦᠭᠰᠢᠭᠦᠷᠢ ᠮᠡᠳᠡᠭᠦᠯᠬᠦ ᠳᠤᠭᠤᠶᠢᠯᠠᠩ᠂ ᠲᠠᠷᠬᠠᠭᠠᠬᠤ ᠳᠤᠭᠤᠶᠢᠯᠠᠩ᠂ ᠠᠪᠤᠷᠠᠬᠤ ᠳᠤᠭᠤᠶᠢᠯᠠᠩ ᠪᠡᠯᠡᠳᠬᠡᠯ ᠲᠥᠰᠦᠯ ᠤᠨ ᠶᠣᠰᠣᠭᠠᠷ ᠦᠳᠲᠡᠷ ᠲᠦᠷᠭᠡᠨ ᠬᠥᠳᠡᠯᠦᠯᠴᠡᠪᠡ᠃ ᠲᠦᠭᠰᠢᠭᠦᠷᠢ ᠮᠡᠳᠡᠭᠦᠯᠬᠦ ᠳᠤᠭᠤᠶᠢᠯᠠᠩ ᠨᠢ ᠴᠠᠭ ᠲᠤᠬᠠᠶ ᠳᠤᠨᠢ ᠰᠡᠷᠡᠮᠵᠢ ᠶᠢᠨ ᠳᠣᠬᠢᠶ᠎ᠠ ᠶᠢ ᠨᠣᠴᠣᠭᠠᠵᠤ᠂ ᠭᠠᠯ ᠤᠨᠲᠠᠷᠠᠭᠠᠬᠤ ᠳᠤᠭᠤᠶᠢᠯᠠᠩ ᠨᠢ ᠡᠬᠢᠨ ᠤ ᠬᠤᠭᠤᠴᠠᠭᠠᠨ ᠤ ᠭᠠᠯ ᠤᠨ ᠡᠬᠢ ᠪᠠᠨ ᠤᠨᠲᠠᠷᠠᠭᠠᠵᠤ᠂ ᠲᠠᠷᠬᠠᠭᠠᠬᠤ ᠳᠤᠭᠤᠶᠢᠯᠠᠩ ᠨᠢ ᠬᠥᠮᠦᠰ ᠢ ᠬᠥᠲᠥᠯᠥᠨ ᠵᠢᠯᠣᠭᠤᠳᠴᠤ ᠨᠠᠮ ᠳᠦᠷᠢ ᠪᠠᠷ ᠵᠠᠶᠢᠯᠠᠭᠤᠯᠵᠤ᠂ ᠠᠪᠤᠷᠠᠨ ᠲᠤᠰᠠᠯᠠᠬᠤ ᠳᠤᠭᠤᠶᠢᠯᠠᠩ ᠨᠢ ᠬᠥᠮᠦᠰ ᠢ ᠪᠦᠷᠢᠳᠬᠡᠬᠦ ᠶᠢᠨ ᠬᠠᠮᠲᠤ ᠰᠢᠷᠬᠠᠲᠤᠭᠰᠠᠨ ᠡᠰᠡᠬᠦ ᠶᠢ ᠨᠢ ᠪᠠᠶᠢᠴᠠᠭᠠᠨ᠎ᠠ᠃ ᠪᠦᠬᠦᠶᠢᠯᠡ ᠶᠠᠪᠤᠴᠠ ᠶᠢᠨ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠬᠠᠮᠵᠢᠯᠴᠠᠭ᠎ᠠ  ᠨᠢ ᠡᠮᠬᠢ ᠵᠢᠷᠤᠮ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠪᠠ᠃    ᠲᠣᠰ ᠤᠳᠠᠭᠠᠨ ᠤ ᠠᠵᠢᠯᠯᠠᠭ᠎ᠠ ᠨᠢ ᠪᠥᠬᠦ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠣᠨᠴᠠᠭᠠᠶ ᠬᠡᠦᠬᠡᠳ ᠲᠤ ᠨᠠᠩ ᠠᠮᠤᠷ ᠲᠦᠪᠰᠢᠨ ᠡᠷᠡᠭᠦᠯᠵᠢᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠶ᠃ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠣᠨᠴᠠᠭᠠᠢ ᠬᠡᠦᠬᠡᠳ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠪᠣᠯ ᠬᠠᠷᠢᠭᠤᠴᠠᠯᠭ᠎ᠠ ᠮᠥᠨ᠂ ᠢᠷᠡᠭᠡᠳᠦᠢ ᠳᠤ ᠭᠠᠯ ᠰᠡᠷᠭᠡᠶᠢᠯᠡᠬᠦ ᠪᠣᠯᠪᠠᠰᠤᠷᠠᠯ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ ᠭᠡᠵᠦ ᠢᠯᠡᠳᠬᠡᠪᠡ᠃ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠴᠤ ᠬᠢᠨᠠᠨ ᠵᠢᠯᠣᠭᠤᠳᠴᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号