ᠵᠤᠨ ᠤ ᠤᠯᠠᠷᠢᠯ ᠳᠤ᠂ ᠭᠠᠷᠠᠭ ᠤᠨ ᠰᠡᠭᠦᠯᠴᠢ ᠶᠢᠨ ᠵᠠᠰᠠᠮᠠᠯ ᠵᠠᠮ ᠤᠨ ᠰᠥᠨᠢ ᠶᠢᠨ ᠵᠠᠬ᠎ᠠ ᠣᠨᠴᠠᠭᠠᠢ ᠬᠥᠷ | ᠬᠥᠭᠵᠢᠶᠡᠨ ᠲᠠᠢ᠃ ᠬᠤᠲᠠ ᠶᠢᠨ ᠠᠷᠠᠳ ᠤᠨ《 ᠢᠳᠡᠭᠡᠨ ᠤᠮᠳᠠᠭᠠᠨ ᠤ ᠠᠮᠤᠷ ᠲᠦᠪᠰᠢᠨ 》 ᠢ ᠪᠠᠲᠤᠯᠠᠵᠤ᠂ | ᠣᠯᠠᠨ ᠲᠦᠮᠡᠨ ᠤ《 ᠵᠣᠭᠤᠰᠣᠨ ᠴᠦᠩᠬᠦ 》 ᠶᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠰᠠᠶᠢᠬᠠᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠳ《 ᠰᠥᠨᠢ ᠶᠢᠨ ᠪᠠᠶᠢᠴᠠᠭᠠᠯᠲᠠ 》 ᠶᠢᠨ | ᠵᠠᠭᠪᠤᠷ ᠢ ᠡᠬᠢᠯᠡᠭᠦᠯᠵᠦ᠂ ᠵᠠᠮ ᠤᠨ ᠬᠠᠵᠠᠭᠤ ᠶᠢᠨ ᠳᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠪᠠ | ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠳᠤ ᠭᠤᠤᠯᠳᠠᠯᠭ᠎ᠠ ᠲᠠᠢ ᠪᠠᠶᠢᠴᠠᠭᠠᠯᠲᠠ ᠥᠷᠨᠢᠭᠦᠯᠪᠡ᠃ | | | | ᠢᠳᠡᠭᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠥᠬᠡᠶ᠂ ᠡᠷᠦᠬᠡ ᠳᠠᠷᠠᠭᠠᠯᠠᠨ《 ᠪᠡᠶ᠎ᠡ ᠶᠢᠨ | ᠪᠠᠶᠢᠴᠠᠭᠠᠯᠲᠠ 》ᠬᠢᠵᠦ ᠰᠤᠯᠠ ᠲᠠᠯᠪᠢᠬᠤ ᠦᠭᠡᠢ᠃ 5 ᠰᠠᠷ᠎ᠠ ᠶᠢᠨ 9 ᠤ ᠡᠳᠦᠷ ᠤᠨ 19 ᠴᠠᠭ ᠲᠤ᠂ ᠬᠠᠤᠯᠢ | ᠬᠡᠷᠡᠭᠵᠢᠭᠦᠯᠦᠭᠴᠢᠳ ᠭᠤᠷᠪᠠᠨ ᠵᠠᠮ ᠬᠤᠪᠢᠶᠠᠵᠤ᠂ ᠹᠦ᠋ ᠯᠢ ᠴᠧᠩ ᠬᠤᠶᠠᠳᠤᠭᠠᠷ ᠬᠤᠭᠤᠴᠠᠭᠠᠨ ᠤ ᠰᠥᠨᠢ ᠶᠢᠨ ᠵᠠᠬ᠎ᠠ᠂ | ᠲᠢᠶᠠᠨ ᠹᠦ᠋ ᠲᠠᠯᠠᠪᠠᠶ ᠶᠢᠨ ᠡᠷᠬᠢᠨ ᠲᠣᠭᠤᠷᠢᠨ᠂ ᠯᠦ ᠶᠤᠸᠠᠨ ᠵᠢᠴᠢ ᠡᠷᠬᠢᠨ ᠲᠣᠭᠤᠷᠢᠨ ᠤ ᠬᠤᠷᠢᠶᠠᠯᠠᠯ ᠤᠨ | ᠳᠡᠯᠭᠡᠭᠦᠷᠴᠢᠨ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ | ᠭᠤᠤᠯᠳᠠᠯᠭ᠎ᠠ ᠶᠢᠨ ᠲᠣᠭᠤᠷᠢᠨ ᠳᠤ᠂ ᠡᠵᠡᠩᠨᠡᠯᠲᠡ ᠶᠢᠨ ᠡᠷᠦᠬᠡ ᠶᠢᠨ ᠪᠠᠷᠠᠭ᠎ᠠ ᠣᠷᠣᠭᠤᠯᠬᠤ ᠳᠤ ᠪᠠᠶᠢᠴᠠᠭᠠᠨ | ᠰᠢᠯᠭᠠᠬᠤ᠂ ᠭᠡᠷᠡᠴᠢ ᠪᠠ ᠫᠢᠶᠤᠤ ᠪᠠᠷᠢᠮᠲᠠ ᠠᠪᠬᠤ ᠵᠡᠷᠭᠡ ᠲᠦᠷᠢᠮ ᠢ ᠵᠢᠷᠤᠮᠵᠢᠭᠤᠯᠤᠨ ᠪᠠᠶᠢᠭᠤᠯᠵᠤ | ᠬᠡᠷᠡᠭᠵᠢᠭᠦᠯᠦᠭᠰᠡᠨ ᠡᠰᠡᠬᠦ ᠶᠢ ᠪᠠᠶᠢᠴᠠᠭᠠᠪᠠ︔ ᠢᠳᠡᠭᠡᠨ ᠤ ᠲᠡᠰ ᠤᠨ ᠮᠠᠲ᠋ᠧᠷᠢᠶᠠᠯ ᠢ ᠬᠡᠷᠡᠭᠯᠡᠵᠦ ᠪᠣᠭᠤᠳᠠᠯ ᠲᠠᠢ | ᠢᠳᠡᠭᠡᠨ ᠢ ᠰᠠᠪᠠᠯᠠᠵᠤ ᠲᠠᠯᠪᠢᠬᠤ ᠡᠰᠡᠬᠦ︔ ᠠᠵᠢᠯᠯᠠᠵᠤ ᠪᠠᠶᠢᠭ᠎ᠠ ᠬᠥᠮᠦᠰ ᠬᠦᠴᠦᠨ ᠪᠦᠬᠦᠢ ᠡᠷᠡᠭᠦᠯ ᠮᠡᠨᠳᠦ ᠶᠢᠨ | ᠦᠨᠡᠮᠯᠡᠯ ᠲᠠᠢ ᠡᠰᠡᠬᠦ︔ ᠡᠭᠦᠨ ᠤ ᠬᠠᠮᠲᠤ ᠡᠵᠡᠩᠨᠡᠯᠲᠡ ᠶᠢᠨ ᠡᠷᠦᠬᠡ ᠶᠢᠨ ᠬᠡᠷᠡᠭᠯᠡᠬᠦ ᠢᠳᠡᠭᠡᠨ ᠤ ᠮᠠᠲ᠋ᠧᠷᠢᠶᠠᠯ ᠨᠢ | ᠢᠯᠵᠢᠷᠡᠵᠦ ᠴᠢᠨᠠᠷ ᠬᠤᠪᠢᠷᠠᠭᠰᠠᠨ᠂ ᠸᠠᠯᠠᠵᠤ ᠬᠤᠷᠣᠬᠠᠶᠢᠲᠤᠭᠰᠠᠨ᠂ ᠴᠢᠨᠠᠷ ᠢ ᠪᠠᠲᠤᠯᠠᠬᠤ ᠬᠤᠭᠤᠴᠠᠭ᠎ᠠ ᠬᠡᠲᠦᠷᠡᠭᠰᠡᠨ | ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ᠂ ᠪᠦᠷᠢᠳᠬᠡᠨ ᠳᠠᠩᠰᠠᠯᠠᠭᠰᠠᠨ ᠦᠨᠡᠮᠯᠡᠯ | ᠥᠬᠡᠶ ᠢᠳᠡᠭᠡᠨ ᠤ ᠳᠡᠯᠭᠡᠭᠦᠷᠴᠢᠨ ᠢ ᠪᠠᠶᠢᠴᠠᠭᠠᠨ ᠵᠢᠭᠰᠠᠭᠠᠨ᠎ᠠ᠃ | 《 ᠭᠡᠮᠲᠦ ᠵᠢᠩᠯᠡᠭᠦᠷ 》 ᠢ ᠴᠢᠩᠭ᠎ᠠ ᠪᠠᠶᠢᠴᠠᠭᠠᠵᠤ᠂ ᠠᠷᠠᠳ ᠤᠨ ᠠᠮᠢᠳᠤᠷᠠᠯ ᠢ ᠬᠠᠮᠠᠭᠠᠯᠠᠵᠤ᠂ ᠦᠨᠡᠨᠴᠢ | ᠢᠲᠡᠭᠡᠮᠵᠢᠲᠡᠶ ᠪᠠᠷ ᠬᠡᠮᠵᠢᠶᠡᠯᠡᠵᠦ ᠰᠠᠨᠠᠭ᠎ᠠ ᠠᠮᠤᠷ ᠬᠤᠳᠠᠯᠳᠤᠨ ᠠᠪᠤᠨ᠎ᠠ᠃ ᠪᠠᠶᠢᠴᠠᠭᠠᠬᠤ ᠶᠠᠪᠤᠴᠠ ᠳᠤ᠂ ᠬᠠᠤᠯᠢ | ᠬᠡᠷᠡᠭᠵᠢᠭᠦᠯᠬᠦ ᠠᠵᠢᠯᠲᠠᠳ ᠪᠠᠰᠠ ᠪᠠᠷᠢᠮᠵᠢᠶᠠᠲᠤ ᠲᠠᠤᠬᠠᠢ ᠶᠢ ᠬᠡᠷᠡᠭᠯᠡᠵᠦ ᠡᠯᠧᠺᠲᠷᠣᠨ ᠵᠢᠩᠯᠡᠭᠦᠷ ᠢ ᠲᠤᠬᠠᠶ ᠶᠢᠨ | ᠲᠠᠯᠠᠪᠠᠶ ᠳᠤ ᠰᠢᠯᠭᠠᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠡᠷᠦᠬᠡ ᠶᠢᠨ ᠬᠡᠷᠡᠭᠯᠡᠵᠦ ᠪᠠᠶᠢᠭ᠎ᠠ ᠬᠡᠮᠵᠢᠯᠲᠡ ᠶᠢᠨ | ᠪᠠᠭᠠᠵᠢ ᠬᠡᠷᠡᠭᠰᠡᠯ ᠳᠤ ᠵᠢᠩ ᠯᠠᠩ ᠳᠤᠲᠠᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ᠂ ᠬᠡᠮᠵᠢᠯᠲᠡ ᠶᠢᠨ ᠪᠠᠭᠠᠵᠢ | ᠬᠡᠷᠡᠭᠰᠡᠯ ᠤᠨ ᠣᠨᠣᠪᠴᠢ ᠶᠢ ᠡᠪᠳᠡᠬᠦ ᠲᠦᠬᠦᠭᠡᠷᠦᠮᠵᠢ ᠨᠡᠮᠡᠵᠦ ᠤᠭᠰᠠᠷᠠᠬᠤ᠂ ᠬᠢᠷᠢ ᠲᠡᠩᠴᠡᠭᠦ ᠥᠬᠡᠶ ᠪᠤᠶᠤ | ᠰᠢᠭᠰᠢᠭᠳᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠪᠠ᠃ | ᠤᠬᠠᠭᠤᠯᠭ᠎ᠠ ᠬᠥᠮᠦᠵᠢᠯ ᠢ ᠴᠢᠩᠭᠠᠷᠠᠭᠤᠯᠵᠤ᠂ ᠵᠢᠷᠤᠮᠵᠢᠯ ᠲᠠᠢ ᠡᠵᠡᠩᠨᠡᠬᠦ ᠶᠢ ᠬᠥᠲᠥᠯᠥᠨ ᠵᠢᠯᠣᠭᠤᠳᠤᠨ᠎ᠠ᠃ | ᠪᠠᠶᠢᠴᠠᠭᠠᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ ᠳᠡᠯᠭᠡᠭᠦᠷᠴᠢᠨ ᠡᠵᠡᠩᠨᠡᠭᠴᠢ ᠳᠤ《 ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠢᠳᠡᠭᠡᠨ ᠤ ᠦᠢᠯᠡᠳᠬᠡᠯ ᠵᠢᠵᠢᠭ ᠬᠤᠭᠤᠯᠠᠨ ᠭᠡᠷ ᠵᠢᠵᠢᠭ | ᠢᠳᠡᠭᠡᠨ ᠤᠮᠳᠠᠭᠠᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ 》《 ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ 》《 ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ 》《 ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠮᠵᠢᠯᠲᠡ ᠶᠢᠨ ᠬᠠᠤᠯᠢ ᠶᠢᠨ ᠬᠡᠷᠡᠭᠵᠢᠭᠦᠯᠬᠦ ᠨᠠᠷᠢᠨ ᠲᠦᠷᠢᠮ 》ᠵᠡᠷᠭᠡ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠢᠳᠡᠭᠡᠨ ᠤ ᠵᠢᠵᠢᠭ ᠳᠡᠯᠭᠡᠭᠦᠷᠴᠢᠨ ᠳᠤ ᠳᠡᠩᠰᠡᠯᠡᠨ ᠲᠡᠮᠳᠡᠭᠯᠡᠭᠦᠯᠪᠡᠯ | ᠰᠠᠶ᠋ᠢ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠶᠢ ᠮᠡᠳᠡᠭᠳᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠬᠥᠲᠥᠯᠦᠨ ᠵᠢᠯᠣᠭᠤᠳᠴᠤ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︔ | ᠬᠡᠮᠵᠢᠯᠲᠡ ᠶᠢᠨ ᠪᠠᠭᠠᠵᠢ ᠬᠡᠷᠡᠭᠰᠡᠯ ᠢ ᠵᠠᠷᠤᠵᠤ ᠪᠠᠶᠢᠭ᠎ᠠ ᠡᠵᠡᠩᠨᠡᠯᠲᠡ ᠶᠢᠨ ᠡᠷᠦᠬᠡ ᠦᠨᠡᠨᠴᠢ ᠢᠲᠡᠭᠡᠮᠵᠢᠲᠡᠶ ᠪᠠᠷ | ᠡᠵᠡᠩᠨᠡᠬᠦ ᠶᠢ ᠵᠢᠷᠤᠮᠯᠠᠨ᠂ ᠬᠠᠤᠯᠢ ᠲᠣᠭᠲᠠᠭᠠᠯ ᠢ ᠵᠢᠷᠤᠮᠯᠠᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠵᠦ᠂ ᠵᠢᠩ | ᠯᠠᠩ ᠳᠤᠲᠠᠬᠤ ᠶᠢ ᠴᠢᠩᠭ᠎ᠠ ᠴᠠᠭᠠᠵᠠᠯᠠᠨ᠎ᠠ᠃ | ᠲᠣᠰ ᠤᠳᠠᠭᠠᠨ ᠤ ᠪᠠᠶᠢᠴᠠᠭᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ 9 ᠬᠥᠮᠦᠨ ( ᠤᠳᠠᠭ᠎ᠠ ) ᠢ | ᠬᠥᠳᠡᠯᠭᠡᠵᠦ᠂ ᠴᠠᠷᠳᠠᠮᠠᠯ ᠵᠠᠮ ᠤᠨ ᠵᠠᠬ᠎ᠠ ᠳᠡᠯᠭᠡᠭᠦᠷ ᠤᠨ 36 ᠳᠡᠯᠭᠡᠭᠦᠷᠴᠢᠨ ᠢ ᠬᠠᠮᠤᠷᠴᠤ᠂ ᠪᠠᠶᠢᠴᠠᠭᠠᠯᠲᠠ ᠶᠢᠨ | ᠳᠤᠮᠳᠠ ᠳᠡᠩᠰᠡᠯᠡᠨ ᠲᠡᠮᠳᠡᠭᠯᠡᠭᠦᠯᠦᠭᠰᠡᠨ ᠦᠨᠡᠮᠯᠡᠯ ᠥᠬᠡᠶ ᠰᠢᠨ᠎ᠡ ᠡᠷᠦᠬᠡ᠂ ᠠᠵᠢᠯᠯᠠᠵᠤ ᠪᠠᠶᠢᠭ᠎ᠠ ᠬᠥᠮᠦᠰ ᠤᠨ | ᠡᠷᠡᠭᠦᠯ ᠮᠡᠨᠳᠦ ᠶᠢᠨ ᠦᠨᠡᠮᠯᠡᠯ ᠢ ᠴᠠᠭ ᠲᠤᠬᠠᠶ ᠳᠤᠨᠢ ᠰᠢᠨᠡᠳᠬᠡᠭᠰᠡᠨ ᠥᠬᠡᠶ᠂ ᠣᠷᠴᠢᠨ ᠲᠣᠭᠤᠷᠢᠨ ᠤ ᠠᠷᠢᠭᠤᠨ | ᠴᠡᠪᠡᠷ ᠪᠠᠷᠢᠮᠵᠢᠶ᠎ᠠ ᠳᠤ ᠭᠦᠷᠦᠭᠰᠡᠨ ᠥᠬᠡᠶ ᠵᠡᠷᠭᠡ ᠠᠰᠠᠭᠤᠳᠠᠯ ᠤᠨ ᠢᠳᠡᠭᠡᠨ ᠤ ᠳᠡᠯᠭᠡᠭᠦᠷᠴᠢᠨ ᠳᠤ ᠴᠡᠭᠴᠡᠯᠡᠨ | ᠥᠭᠡᠷᠡᠴᠢᠯᠡᠬᠦ ᠰᠠᠨᠠᠯ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠬᠦ ᠶᠢ ᠰᠢᠪᠠᠳᠠᠪᠠ᠃ | ᠲᠠᠷᠠᠭᠠᠴᠢ ᠪᠠᠷ᠂ ᠰᠠᠶᠢᠬᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠠᠶᠢᠩᠭᠤᠵᠢᠭᠰᠠᠨ | ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ ᠴᠠᠭ ᠲᠤᠬᠠᠢ ᠳᠤᠨᠢ ᠡᠷᠬᠢᠨ ᠬᠠᠷᠠᠬᠤ ᠠᠵᠢᠯᠯᠠᠭ᠎ᠠ ᠥᠷᠨᠢᠭᠦᠯᠵᠦ᠂ | ᠳᠡᠯᠭᠡᠭᠦᠷᠴᠢᠨ ᠤ ᠬᠠᠤᠯᠢ ᠶᠢ ᠵᠢᠷᠤᠮᠯᠠᠨ ᠡᠵᠡᠩᠨᠡᠬᠦ ᠤᠬᠠᠮᠰᠠᠷ ᠢ ᠴᠢᠩᠭᠠᠳᠬᠠᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠳᠤ ᠠᠮᠤᠷ ᠲᠦᠪᠰᠢᠨ ᠰᠠᠨᠠᠭ᠎ᠠ | ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ | | | | | |