【ᠬᠤᠷᠢᠨ ᠴᠠᠭ ᠤᠨ ᠪᠠᠶᠢᠳᠠᠯ】ᠬᠤᠷᠢᠨᠭᠡᠷ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯ ᠢ ᠥᠷᠭᠡᠳᠬᠡᠨ᠎ᠡ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 12  ᠤᠨ ᠡᠳᠦᠷ ᠪᠣᠯ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠬᠤᠷᠢᠨᠭᠡᠷ ᠪᠠᠯᠭᠠᠰᠤ《 ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠬᠤ —ᠳᠡᠷᠭᠡᠳᠡᠬᠢ ᠭᠠᠮᠰᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ 》ᠭᠤᠤᠯ ᠰᠡᠳᠦᠪ ᠤᠨ ᠲᠣᠭᠤᠷᠢᠨ ᠳᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠥᠷᠨᠢᠭᠦᠯᠪᠡ : ᠨᠢᠭᠡ ᠳᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠳᠡᠳ᠋ ᠪᠠᠯᠭᠠᠰᠤᠨ ᠳᠠᠷᠤᠭ᠎ᠠ ᠪᠠᠶ ᠶᠦᠩ ᠵᠢᠶᠦ᠋ᠨ ᠡᠯ᠎ᠡ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠮᠲᠤᠷᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠭᠰᠠᠨ ᠲᠣᠭᠲᠠᠴᠠ ᠶᠢ ᠲᠠᠰᠤᠷᠠᠯᠲᠠ ᠥᠬᠡᠶ ᠵᠣᠬᠢᠴᠠᠭᠤᠯᠪᠠ︔ ᠬᠤᠶᠠᠷ ᠲᠤ ᠭᠠᠮᠰᠢᠭ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠭᠠᠶ ᠭᠠᠮᠰᠢᠭ ᠤᠨ ᠮᠡᠳᠡᠭᠡ ᠵᠠᠩᠭᠢᠴᠢ᠂ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠭᠴᠢ《 ᠵᠢᠵᠢᠭ ᠤᠯᠠᠭᠠᠨ ᠨᠣᠮ 》APP ᠰᠦᠯᠵᠢᠶᠡᠨ ᠳᠡᠭᠡᠷ᠎ᠡ《 ᠪᠥᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠢᠯᠡ ᠬᠢᠴᠢᠶᠡᠯ 》 ᠢ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠸᠢᠴᠠᠲ ᠤᠨ ᠴᠤᠭᠯᠠᠷᠠᠯ᠂ ᠰᠢᠩᠭᠡᠨ ᠲᠠᠯᠠᠰᠲᠤ ᠳᠡᠯᠭᠡᠴᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠯᠠᠮ ᠨᠢᠭᠡ ᠠᠯᠬᠤᠮ ᠤᠬᠠᠭᠤᠯᠵᠤ᠂ ᠮᠡᠳᠡᠯᠭᠡ ᠶᠢᠨ ᠨᠥᠭᠡᠴᠡ ᠪᠠᠨ ᠦᠷᠭᠦᠯᠵᠢᠯᠡᠨ ᠰᠢᠨᠡᠳᠬᠡᠵᠦ᠂ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ《 ᠲᠠᠪᠤ ᠶᠢ ᠣᠷᠣᠭᠤᠯᠬᠤ 》ᠤᠬᠠᠭᠤᠯᠭ᠎ᠠ ᠶᠢ ᠥᠷᠨᠢᠭᠦᠯᠦᠨ᠎ᠡ᠃ 5 ᠰᠠᠷ᠎ᠠ ᠶᠢᠨ 12  ᠤᠨ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠬᠡᠷ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠥᠷᠲᠡᠭᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠣᠯᠠᠨ ᠰᠠᠯᠠᠭ᠎ᠠ ᠮᠥᠴᠢᠷ ᠬᠠᠮᠲᠤᠷᠠᠨ ᠴᠠᠩ ᠬᠠᠨ ᠲᠣᠰᠬᠤᠨ ᠤ ᠵᠥᠪᠯᠡᠯ ᠤᠨ ᠡᠭᠦᠳᠡᠨ ᠵᠠᠬ᠎ᠠ ᠳᠡᠯᠭᠡᠭᠦᠷ ᠲᠤ《 5.12 》 ᠤᠨ 17 ᠳ᠋ᠤᠭᠠᠷ ᠤᠳᠠᠭᠠᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠤᠨ ᠭᠠᠮᠰᠢᠭ ᠤᠨ ᠣᠨᠴᠠᠯᠢᠭ ᠪᠠ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠶᠣᠰᠣᠭᠠᠷ᠂ ᠣᠯᠠᠨ ᠲᠦᠮᠡᠨ ᠢ ᠵᠢᠯᠣᠭᠤᠳᠤᠨ ᠭᠠᠯ ᠤᠨᠲᠠᠷᠠᠭᠠᠭᠤᠷ ᠢ ᠦᠨᠡᠨ ᠪᠣᠳᠠᠲᠠᠶ ᠪᠠᠷ ᠬᠡᠷᠡᠭᠯᠡᠭᠦᠯᠵᠦ᠂ ᠲᠤᠬᠠᠶ ᠶᠢᠨ ᠲᠠᠯᠠᠪᠠᠶ ᠳᠤ 80 ᠭᠠᠷᠤᠶ ᠤᠬᠠᠭᠤᠯᠭ᠎ᠠ ᠶᠢᠨ ᠡᠳ᠋᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
11.jpg
    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠬᠤᠷᠢᠨᠭᠡᠷ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢᠨ ᠴᠢᠬᠤᠯᠠ ᠴᠢᠨᠠᠷ ᠢ ᠥᠷᠭᠡᠳᠬᠡᠨ ᠤᠬᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠢ ᠡᠷᠬᠢᠮᠯᠡᠬᠦ᠂ ᠪᠠᠴᠢᠮ ᠪᠠᠶᠢᠳᠠᠯ ᠢ ᠠᠷᠭᠠᠴᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠬᠦ ᠤᠬᠠᠮᠰᠠᠷ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠵᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号