ᠣᠶᠢᠷ᠎ᠠ ᠳᠤ᠂ ᠪᠠᠯᠭᠠᠰᠤᠨ ᠤ ᠬᠠᠤᠯᠢ ᠬᠡᠷᠡᠭᠵᠢᠭᠦᠯᠬᠦ ᠳᠥᠷᠪᠡᠳᠦᠭᠡᠷ ᠳᠤᠮᠳᠠ ᠠᠩᠭᠢ ᠵᠢᠦ ᠶᠤᠸᠠᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ ᠬᠦᠷᠢᠶᠡᠯᠡᠩ ᠲᠣᠭᠤᠷᠢᠭ ᠤᠨ ᠳᠣᠲᠣᠷᠠᠬᠢ ᠡᠯ᠎ᠡ ᠭᠤᠤᠯ ᠵᠠᠮ ᠪᠣᠯᠬᠤ | ᠨᠡᠭᠦᠳᠡᠯ ᠳᠡᠯᠭᠡᠭᠦᠷᠴᠢᠨ ᠤ ᠵᠠᠮ ᠡᠵᠡᠯᠡᠨ ᠡᠵᠡᠩᠨᠡᠯᠲᠡ ᠬᠢᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠰᠬᠠᠶ | ᠴᠡᠭᠴᠡᠯᠡᠨ ᠵᠠᠰᠠᠯᠲᠠ ᠥᠷᠨᠢᠭᠦᠯᠵᠦ᠂ ᠴᠢ ᠶᠤᠸᠠᠨ ᠵᠠᠮ ᠤᠨ ᠬᠤᠶᠠᠷ ᠬᠠᠵᠠᠭᠤ ᠶᠢᠨ ᠲᠣᠭᠲᠠᠭᠠᠯ ᠠᠴᠠ ᠵᠥᠷᠢᠴᠡᠨ | ᠳᠡᠯᠭᠡᠨ ᠬᠤᠳᠠᠯᠳᠤᠬᠤ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠲᠥᠪᠯᠡᠷᠡᠭᠦᠯᠦᠨ ᠵᠢᠷᠤᠮᠵᠢᠭᠤᠯᠤᠨ ᠵᠠᠰᠠᠪᠠ᠃ | ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ《 ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ | ᠤᠶᠠᠨ ᠴᠢᠨᠠᠷᠲᠠᠶ ᠬᠠᠮᠢᠶᠠᠷᠤᠯᠲᠠ ᠬᠢᠬᠦ 》ᠵᠠᠷᠴᠢᠮ ᠢ ᠪᠠᠷᠢᠮᠲᠠᠯᠠᠵᠤ᠂ ᠵᠠᠮ ᠡᠵᠡᠯᠡᠭᠰᠡᠨ ᠳᠡᠯᠭᠡᠭᠦᠷᠴᠢᠨ ᠳᠤ ᠡᠷᠦᠬᠡ | ᠳᠠᠷᠠᠭᠠᠯᠠᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠶ ᠪᠠᠷ ᠲᠠᠶᠢᠯᠤᠮᠵᠢ ᠬᠢᠵᠦ᠂ ᠳᠡᠯᠭᠡᠭᠦᠷᠴᠢᠨ ᠢ ᠬᠥᠲᠥᠯᠥᠨ | ᠵᠢᠯᠣᠭᠤᠳᠴᠤ ᠪᠠᠶᠢᠭᠠᠳ ᠡᠵᠡᠩᠨᠡᠯᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠰᠠᠬᠢᠵᠤ᠂ ᠲᠣᠭᠲᠠᠭᠠᠭᠰᠠᠨ | ᠣᠷᠣᠨ ᠪᠦᠰᠡ ᠳᠤ ᠣᠴᠢᠭᠤᠯᠤᠨ ᠵᠢᠷᠤᠮᠵᠢᠭᠤᠯᠤᠨ ᠡᠵᠡᠩᠨᠡᠭᠦᠯᠦᠨ᠎ᠡ᠃ ᠲᠣᠰ ᠤᠳᠠᠭ᠎ᠠ ᠨᠡᠭᠦᠳᠡᠯ ᠳᠡᠯᠭᠡᠭᠦᠷᠴᠢᠨ ᠢ | ᠨᠡᠶᠢᠲᠡ 16 ᠴᠡᠭᠴᠡᠯᠡᠨ ᠵᠠᠰᠠᠵᠤ᠂ ᠬᠦᠷᠢᠶᠡᠯᠡᠩ ᠲᠣᠭᠤᠷᠢᠭ ᠤᠨ ᠭᠤᠤᠯ ᠵᠠᠮ ᠤᠨ ᠬᠠᠷᠢᠯᠴᠠᠭᠠᠨ ᠤ ᠡᠮᠬᠢ ᠵᠢᠷᠤᠮ | ᠢᠯᠡᠳᠲᠡ ᠰᠠᠶᠢᠵᠢᠷᠠᠪᠠ᠃ | ᠲᠠᠷᠠᠭᠠᠴᠢ ᠪᠠᠷ᠂ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠨᠢ ᠪᠤᠰᠤᠳ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠠᠢ ᠬᠠᠮᠲᠤᠷᠠᠨ ᠪᠠᠶᠢᠩᠭᠤᠵᠢᠭᠰᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠤᠳᠠᠭ᠎ᠠ ᠪᠠᠨ ᠨᠢᠭᠲᠠᠷᠠᠭᠤᠯᠤᠨ᠂ ᠤᠬᠠᠭᠤᠯᠤᠨ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠵᠦ᠂ ᠬᠦᠷᠢᠶᠡᠯᠡᠩ | ᠲᠣᠭᠤᠷᠢᠭ ᠤᠨ ᠵᠠᠮ ᠱᠤᠭᠤᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ | ᠪᠠᠲᠤᠯᠠᠵᠤ᠂ ᠴᠡᠪᠡᠷ ᠲᠡᠭᠰᠢ ᠡᠮᠬᠢ ᠵᠢᠷᠤᠮ ᠲᠠᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ | | | | | | |