ᠴᠠᠬᠢᠯᠤᠭᠤᠷ ᠴᠢᠯᠠᠭᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠶ | ᠣᠶᠢᠯᠠᠭᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠪᠤᠭᠤᠲᠤ ᠬᠤᠲᠠ ᠶᠢᠨ ᠳ᠋ᠦᠩ ᠢᠦᠶ ᠰᠢᠨ᠎ᠡ ᠮᠠᠲ᠋ᠧᠷᠢᠶᠠᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠠ᠃ | | | | ᠪᠠᠶᠢᠴᠠᠭᠠᠨ ᠰᠤᠳᠤᠯᠬᠤ ᠶᠠᠪᠤᠴᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠠᠷᠢᠭᠤᠴᠠᠯᠭᠠᠲᠠᠨ᠂ | ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠲᠠᠢ ᠪᠥᠬᠦ ᠲᠠᠯ᠎ᠠ ᠪᠠᠷ ᠰᠣᠯᠢᠯᠴᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ᠂ ᠦᠢᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ ᠵᠢᠴᠢ | ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠠᠰᠠᠭᠤᠨ | ᠯᠠᠪᠯᠠᠭᠰᠠᠨ ᠤ ᠬᠠᠮᠲᠤ ᠠᠵᠤ ᠠᠬᠤᠶᠢᠯᠠᠯ ᠤᠨ ᠬᠤᠶᠢᠰᠢᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠭᠤᠤᠯᠳᠠᠯᠭ᠎ᠠ ᠲᠠᠢ ᠣᠶᠢᠯᠠᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠡᠯᠡᠬᠦ ᠳᠡᠭᠡᠨ᠂ ᠲᠦᠭᠦᠬᠡᠶ | ᠮᠠᠲ᠋ᠧᠷᠢᠶᠠᠯ ᠤᠨ ᠦᠨ᠎ᠡ ᠬᠡᠯᠪᠡᠯᠵᠡᠬᠦ᠂ ᠳᠤᠤᠷᠠᠳᠤ ᠤᠷᠤᠰᠬᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠬᠦᠷᠦᠯᠴᠡᠬᠦ | ᠥᠬᠡᠶ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠰᠢᠷᠦᠭᠦᠰᠬᠦ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ | ᠳᠤᠤᠷ᠎ᠠ ᠬᠠᠭᠠᠰ ᠵᠢᠯ ᠳᠤ ᠴᠠᠬᠢᠯᠤᠭᠤᠷ ᠴᠢᠯᠠᠭᠤᠨ ᠤ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠲᠡᠶᠢᠮᠦ | ᠰᠠᠶᠢᠨ ᠪᠢᠰᠢ ᠪᠠᠶᠢᠵᠤ᠂ ᠴᠠᠬᠢᠯᠤᠭᠤᠷ ᠴᠢᠯᠠᠭᠤᠨ ᠤ ᠠᠵᠤ ᠠᠬᠤᠶᠢᠯᠠᠯ ᠮᠥᠨ ᠵᠣᠬᠢᠬᠤ ᠬᠡᠮᠵᠢᠶᠡᠨ ᠤ | ᠡᠵᠡᠩᠨᠡᠯᠲᠡ ᠶᠢᠨ ᠳᠠᠷᠤᠯᠲᠠ ᠳᠤ ᠲᠤᠯᠭᠠᠷᠠᠵᠤ ᠮᠡᠳᠡᠨ᠎ᠡ ᠭᠡᠵᠡᠶ᠃ | ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠨᠢ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ | ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠳᠤ ᠨᠠᠷᠢᠯᠢᠭ | ᠤᠨᠤᠪᠴᠢᠲᠠᠢ ᠪᠠᠷ ᠦᠢᠯᠡᠴᠢᠯᠡᠬᠦ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃ ᠲᠠᠷᠠᠭᠠᠴᠢ ᠪᠠᠷ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠴᠠᠬᠢᠯᠤᠭᠤᠷ ᠴᠢᠯᠠᠭᠤᠨ ᠤ | ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠮᠥᠷᠳᠡᠨ ᠦᠢᠯᠡᠴᠢᠯᠡᠬᠦ ᠪᠠᠨ | ᠴᠢᠩᠭᠠᠳᠬᠠᠨ᠂ ᠠᠵᠤ ᠠᠬᠤᠶᠢᠯᠠᠯ ᠳᠤ ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ | ᠰᠢᠢᠳᠪᠦᠷᠢᠯᠡᠨ ᠥᠭᠴᠦ᠂ ᠴᠠᠬᠢᠯᠤᠭᠤᠷ ᠴᠢᠯᠠᠭᠤᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | | | | | | |