ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠴᠣᠯᠠ ᠶᠢ ᠬᠦᠷᠲᠡᠪᠡ
ᠨᠡᠶᠢᠲᠡᠯᠡᠭᠰᠡᠨ ᠴᠠᠭ᠄
2025/5/15
    ᠶᠡᠷᠦᠩᠬᠡᠶ ᠱᠦᠵᠢ ᠰᠢ ᠶᠢᠨ ᠫᠢᠩ ᠤᠨ《 ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ 》ᠤᠰᠤ ᠵᠠᠰᠠᠬᠤ ᠰᠡᠳᠬᠢᠴᠡ ᠶᠢ ᠰᠤᠷᠤᠯᠴᠠᠨ ᠲᠤᠤᠱᠯᠠᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠥᠬᠦ ᠲᠠᠯ᠎ᠠ ᠪᠠᠷ ᠠᠬᠢᠭᠤᠯᠤᠨ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠲᠤᠯᠭᠠᠭᠤᠷᠢᠯᠠᠨ᠂ ᠵᠢᠤ ᠶᠤᠸᠠᠨ ᠲᠤᠭᠤᠷᠢᠭ ᠤᠨ ᠤᠰᠤᠨ ᠤ ᠡᠬᠢ ᠪᠠᠶᠠᠯᠢᠭ ᠡᠳᠦᠷ ᠢᠷᠡᠬᠦᠶ᠎ᠡ ᠪᠠᠴᠢᠮ ᠪᠣᠯᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠦᠯᠦᠭᠡ᠃
11.jpg
    ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠭᠰᠠᠨ ᠵᠢᠴᠢ ᠨᠡᠶᠢᠭᠡᠮ ᠨᠡᠶᠢᠲᠡ ᠳᠤ ᠵᠠᠷᠯᠠᠭᠰᠠᠨ ᠢᠶᠠᠷ᠂ ᠵᠢᠦ ᠶᠤᠸᠠᠨ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠤᠭᠤᠷᠢᠭ ᠤᠨ ᠤᠰᠤᠨ ᠤ ᠶᠠᠪᠤᠳᠠᠯ ᠤᠨ ᠲᠤᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠵᠤ ᠲᠠᠨᠢᠯᠴᠠᠭᠤᠯᠤᠭᠰᠠᠨ ᠤᠯᠤᠰ ᠤᠨ ᠡᠨᠧᠷᠭᠢ ᠶᠢᠨ ᠪᠤᠭᠤᠲᠤ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠤᠢᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠲᠡᠰ ᠤᠨ ᠤᠰᠤ ᠠᠷᠪᠢᠯᠠᠬᠤ ᠠᠵᠤ ᠠᠬᠤᠶᠢᠯᠠᠯ ᠤᠨ ᠴᠣᠯᠠ ᠶᠢ ᠬᠦᠷᠳᠡᠪᠡ᠃    ᠲᠠᠷᠠᠭᠠᠴᠢ ᠪᠠᠷ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠤᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠠᠵᠤ ᠠᠬᠤᠶᠢᠯᠠᠯ ᠤᠨ ᠤᠰᠤ ᠠᠷᠪᠢᠯᠠᠬᠤ ᠳᠠᠯᠳᠠ ᠬᠦᠴᠦᠨ ᠢᠶᠠᠨ ᠠᠭᠤᠳᠠᠯᠬᠤ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ ᠤᠰᠤ ᠶᠢ ᠠᠷᠪᠢᠯᠠᠨ ᠬᠡᠷᠡᠭᠯᠡᠬᠦ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠠᠶᠢᠴᠢᠯᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号