ᠵᠢᠦ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ《 ᠭᠡᠷᠡᠯ ᠬᠦᠭᠡᠭᠡᠴᠡᠯᠳᠦᠬᠦ ᠵᠠᠯᠠᠭᠤᠴᠤᠳ·  ᠤᠷᠤᠰᠬᠠᠯ ᠭᠦᠶᠦᠯᠲᠡ ᠶᠢᠨ ᠢᠷᠡᠭᠡᠳᠤᠢ 》ᠬᠤᠲᠠ ᠶᠢᠨ ᠴᠢᠭᠯᠡᠯᠲᠦ ᠭᠦᠶᠦᠯᠲᠡ ᠵᠢᠴᠢ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 106 ᠵᠢᠯ ᠤᠨ ᠣᠶ ᠶᠢ ᠳᠤᠷᠠᠰᠬᠠᠬᠤ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ  ᠵᠠᠯᠠᠭᠤᠴᠤᠳ ᠤᠨ ᠦᠰᠦᠨ ᠪᠤᠶᠢᠵᠢᠯᠲᠠ ᠶᠢᠨ《 ᠰᠢᠨ᠎ᠡ ᠳᠦᠷᠢ ᠪᠠᠶᠢᠳᠠᠯ》 ᠢ ᠵᠠᠳᠠᠯᠪᠠ
ᠨᠡᠶᠢᠲᠡᠯᠡᠭᠰᠡᠨ ᠴᠠᠭ᠄
2025/5/15
  11.jpg
     5 ᠰᠠᠷ᠎ᠠ ᠶᠢᠨ 9  ᠤ ᠡᠳᠦᠷ ᠤᠨ ᠦᠳᠡ ᠶᠢᠨ ᠡᠮᠦᠨ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠦ ᠶᠤᠸᠠᠨ ᠲᠣᠭᠤᠷᠢᠭ ᠤᠨ ᠬᠤᠷᠢᠶ᠎ᠠ ᠠᠴᠠ ᠭᠤᠤᠯᠯᠠᠨ ᠡᠷᠭᠢᠯᠡᠭᠰᠡᠨ《ᠭᠡᠷᠡᠯ ᠬᠦᠭᠡᠭᠡᠴᠡᠯᠳᠦᠬᠦ ᠵᠠᠯᠠᠭᠤᠴᠤᠳ ·  ᠤᠷᠤᠰᠬᠠᠯ ᠭᠦᠶᠦᠯᠲᠡ ᠶᠢᠨ ᠢᠷᠡᠭᠡᠳᠤᠢ 》ᠬᠤᠲᠠ ᠶᠢᠨ ᠭᠠᠳᠠᠨᠠᠬᠢ ᠴᠢᠭᠯᠡᠯᠲᠦ ᠭᠦᠶᠦᠯᠲᠡ ᠵᠢᠴᠢ《 ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ 》 ᠤ 106 ᠵᠢᠯ ᠤᠨ ᠣᠶ ᠶᠢ ᠳᠤᠷᠠᠰᠬᠠᠬᠤ ᠭᠤᠤᠯ ᠰᠡᠳᠦᠪᠲᠦ ᠪᠦᠯᠬᠦᠮ ᠤᠨ ᠡᠳᠦᠷ ᠤᠨ ᠠᠵᠢᠯᠯᠠᠭ᠎ᠠ ᠪᠠᠶᠠᠨᠭᠤᠣᠯ ᠴᠡᠴᠡᠷᠯᠢᠭ ᠲᠤ ᠡᠬᠢᠯᠡᠪᠡ᠃ ᠠᠵᠢᠯᠯᠠᠭ᠎ᠠ ᠨᠢ《 ᠲᠠᠪᠤᠨ ᠰᠠᠷ᠎ᠠ ᠶᠢᠨ ᠳᠦᠷᠪᠡᠨ ᠤ ᠬᠥᠳᠡᠯᠭᠡᠭᠡᠨ 》 ᠤ 106 ᠵᠢᠯ ᠤᠨ ᠤᠢ ᠶᠢ ᠳᠤᠷᠠᠰᠬᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠲᠤᠭᠤᠷᠢᠭ ᠤᠨ 200 ᠭᠠᠷᠤᠢ ᠵᠠᠯᠠᠭᠤᠴᠤᠳ ᠤᠨ ᠲᠥᠯᠥᠭᠡᠯᠡᠭᠴᠢ ᠵᠢᠴᠢ ᠨᠡᠶᠢᠭᠡᠮ ᠤᠨ ᠬᠥᠳᠡᠯᠭᠡᠭᠡᠨ ᠤ ᠪᠠᠭ᠋ᠠᠷᠬᠠᠭᠴᠢᠳ ᠣᠷᠣᠯᠴᠠᠵᠤ᠂ ᠨᠡᠪᠴᠢᠯᠲᠡ ᠮᠠᠶ᠋ᠢᠭ ᠤᠨ ᠤᠷᠤᠰᠬᠠᠯ ᠭᠦᠶᠦᠯᠲᠡ ᠶᠢᠨ ᠪᠣᠭᠤᠮᠲᠠ ᠰᠢᠪᠲᠤᠯᠬᠤ᠂ ᠬᠤᠪᠢᠰᠬᠠᠯ ᠤᠨ ᠭᠤᠣᠯ ᠰᠡᠳᠦᠪᠲᠦ ᠬᠥᠮᠦᠵᠢᠯ ᠪᠣᠯᠤᠨ ᠵᠠᠯᠠᠭᠤ ᠨᠠᠰᠤᠨ ᠤ ᠪᠦᠲᠦᠭᠡᠯᠴᠢ ᠦᠢᠯᠡᠳᠦᠯᠴᠡᠯ ᠢᠶᠠᠷ ᠳᠠᠮᠵᠢᠨ᠂ ᠰᠢᠨ᠎ᠡ ᠴᠠᠭ ᠦᠶ᠎ᠡ ᠶᠢᠨ ᠵᠢᠤ ᠶᠤᠸᠠᠨ ᠤ ᠵᠠᠯᠠᠭᠤᠴᠤᠳ ᠤᠨ ᠡᠷᠡᠯᠬᠡᠭᠯᠡᠨ ᠤᠷᠤᠭᠰᠢᠯᠠᠬᠤ ᠬᠦᠴᠦᠷᠬᠡᠭ ᠳᠠᠭᠤᠨ ᠢ ᠴᠢᠪᠬᠠᠳᠠᠪᠠ᠃ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠶᠧ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠤᠭᠤᠲᠤ ᠬᠤᠲᠠ ᠶᠢᠨ ᠬᠤᠷᠢᠶᠠᠨ ᠤ ᠳᠥᠷᠪᠡᠨ ᠱᠠᠲᠤᠨ ᠤ ᠪᠠᠶᠢᠴᠠᠭᠠᠨ ᠰᠤᠳᠤᠯᠤᠭᠴᠢ ᠰᠥᠩ ᠪᠦᠦ ᠠᠵᠢᠯᠯᠠᠭ᠎ᠠ ᠳᠤ ᠣᠷᠣᠯᠴᠠᠵᠤ᠂ ᠵᠠᠯᠠᠭᠤᠴᠤᠳ ᠲᠠᠢ ᠬᠠᠮᠲᠤ ᠵᠠᠯᠠᠭᠤ ᠨᠠᠰᠤᠨ ᠤ ᠰᠢᠨ᠎ᠡ ᠠᠶᠠᠨ ᠢᠶᠠᠨ ᠡᠬᠢᠯᠡᠭᠦᠯᠪᠡ᠃ᠡᠬᠢᠯᠡᠯᠲᠡ ᠶᠢᠨ ᠶᠣᠰᠣᠯᠠᠯ ᠳᠡᠭᠡᠷ᠎ᠡ᠂ ᠬᠡᠯᠲᠡᠰ ᠤᠨ ᠳᠠᠷᠤᠭ᠎ᠠ ᠯᠢᠦ ᠶᠧ :《《 ᠨᠢᠯᠬ᠎ᠠ ᠲᠤᠭᠤᠯ ᠪᠠᠷᠰ ᠠᠴᠠ ᠠᠶᠤᠬᠤ ᠥᠬᠡᠶ 》ᠣᠮᠤᠭ ᠢ ᠪᠠᠳᠠᠷᠠᠭᠤᠯᠵᠤ᠂ ᠵᠥᠷᠢᠴᠡᠯ ᠤᠨ ᠡᠮᠦᠨ᠎ᠡ ᠵᠣᠷᠢᠭᠲᠠᠶ ᠪᠠᠷ ᠬᠦᠴᠢᠷ ᠢ ᠰᠦᠷᠦᠨ ᠤᠷᠤᠭᠰᠢᠯᠠᠵᠤ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠶ ᠪᠠᠷ ᠴᠡᠭᠡᠵᠢ ᠳᠦᠷᠢᠨ ᠭᠠᠷᠴᠤ᠂《 ᠭᠠᠪᠢᠶ᠎ᠠ ᠶᠢ ᠵᠠᠪᠠᠯ ᠨᠠᠮ᠎ᠠ ᠳᠤ  ᠪᠢᠰᠢ 》ᠠᠬᠤᠶ ᠪᠠᠶᠢᠳᠠᠯ ᠪᠣᠯᠤᠨ《 ᠠᠮᠵᠢᠯᠲᠠ ᠳᠤ ᠵᠠᠪᠠᠯ ᠪᠢ ᠪᠠᠶᠢᠬᠤ 》ᠡᠭᠦᠷᠭᠡᠯᠡᠯ ᠢᠶᠠᠷ᠂ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠭᠡᠷᠡᠢ》ᠭᠡᠵᠦ ᠵᠠᠯᠠᠭᠤᠴᠤᠳ ᠢ ᠵᠠᠬᠢᠪᠠ᠃ ᠵᠠᠯᠠᠭᠤ ᠲᠥᠯᠥᠭᠡᠯᠡᠭᠴᠢ ᠵᠢᠶᠠᠩ ᠰᠢᠶᠤᠤ ᠡᠸᠤ ᠲᠤᠬᠠᠶ ᠶᠢᠨ ᠲᠠᠯᠠᠪᠠᠶ ᠳᠤ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠵᠠᠯᠠᠭᠤᠴᠤᠳ ᠢ ᠠᠵᠤ ᠦᠢᠯᠡᠰ ᠤᠨ ᠲᠠᠰ ᠳᠡᠪᠰᠢᠬᠦ ᠳᠤᠮᠳᠠ ᠵᠣᠷᠢᠭᠲᠠᠶ ᠪᠠᠷ ᠬᠤᠰᠢᠭᠤᠴᠢ ᠪᠣᠯᠵᠣ᠂ ᠠᠮᠢ ᠠᠬᠤᠶ ᠶᠢᠨ ᠬᠠᠮᠠᠭᠠᠯᠠᠯᠲᠠ ᠳᠤᠮᠳᠠ ᠥᠯᠢᠭᠡᠷ ᠳᠠᠭᠤᠷᠢᠶᠠᠯ ᠪᠣᠯᠵᠣ᠂ ᠰᠣᠶᠣᠯ ᠤᠨ ᠤᠯᠠᠮᠵᠢᠯᠠᠯ ᠳᠤᠮᠳᠠ ᠵᠣᠷᠢᠭᠲᠠᠶ ᠪᠠᠷ ᠬᠥᠭᠦᠷᠭᠡ ᠪᠣᠯᠵᠣ᠂ ᠬᠤᠪᠢ ᠬᠥᠮᠦᠨ ᠤ ᠬᠦᠰᠡᠯᠡᠩ ᠢᠶᠠᠨ ᠵᠢᠤ ᠶᠤᠸᠠᠨ ᠲᠤᠭᠤᠷᠢᠭ ᠤᠨ ᠬᠥᠭᠵᠢᠯᠲᠡ ᠲᠠᠢ ᠬᠠᠮᠲᠤ ᠤᠷᠤᠭᠰᠢᠯᠠᠭᠤᠯᠬᠤ ᠬᠡᠷᠡᠭᠲᠡᠶ ᠭᠡᠵᠦ ᠤᠷᠢᠶᠠᠯᠠᠪᠠ᠃    ᠠᠵᠢᠯᠯᠠᠭ᠎ᠠ ᠨᠢ《 ᠲᠠᠮᠠᠭ᠎ᠠ ᠴᠤᠭᠯᠠᠭᠤᠯᠤᠨ ᠺᠠᠷᠲ ᠴᠤᠬᠢᠬᠤ 》 ᠪᠠᠷ ᠭᠤᠣᠯ ᠰᠢᠵᠢᠮ ᠪᠣᠯᠭᠠᠵᠤ᠂ ᠵᠢᠷᠭᠤᠭᠠᠨ ᠶᠡᠭᠡ ᠪᠦᠲᠦᠭᠡᠯᠴᠢ ᠪᠣᠭᠤᠮᠲᠠ ᠶᠢ ᠬᠤᠯᠪᠣᠵᠤ᠂ ᠬᠤᠪᠢᠰᠬᠠᠯ ᠤᠨ ᠭᠧᠨ ᠶᠢ ᠴᠠᠭ ᠤᠨ ᠦᠩᠭᠡᠲᠦ ᠬᠥᠳᠡᠯᠭᠡᠭᠡᠨ ᠳᠤ ᠠᠭᠤᠰᠤᠯᠴᠠᠭᠤᠯᠪᠠ᠃ ᠵᠠᠯᠠᠭᠤᠴᠤᠳ 2.5 ᠺᠢᠯᠣᠮᠧᠲᠷ ᠤᠨ ᠤᠷᠤᠰᠬᠠᠯ ᠭᠦᠶᠦᠯᠲᠡ ᠶᠢᠨ ᠳᠤᠮᠳᠠ《 ᠵᠠᠯᠠᠭᠤ ᠨᠠᠰᠤᠨ ᠤ ᠤᠤᠷ ᠦᠡᠭᠭᠡ ᠶᠢ ᠭᠡᠷᠡᠯᠲᠦᠭᠦᠯᠬᠦ 》ᠨᠠᠮ ᠤᠨ ᠲᠡᠦᠬᠡ ᠶᠢᠨ ᠠᠰᠠᠭᠤᠯᠲᠠ ᠬᠠᠷᠢᠭᠤᠯᠲᠠ᠂《 ᠰᠡᠬᠡᠭᠡᠷᠡᠭᠰᠡᠨ ᠣᠨ ᠵᠢᠯ ᠢ ᠲᠤᠭᠤᠯᠬᠤ 》ᠦᠵᠡᠭᠳᠡᠯᠲᠦ ᠤᠩᠰᠢᠯᠭ᠎ᠠ᠂《 ᠳ᠋ᠠ ᠳ᠋ᠦ᠋ ᠾᠧ ᠭᠤᠣᠯ ᠢ ᠬᠦᠴᠦᠯᠡᠨ ᠭᠠᠲᠤᠯᠬᠤ 》ᠬᠠᠷᠰᠢ ᠰᠠᠭᠠᠳ ᠤᠨ ᠥᠷᠢᠰᠥᠯᠳᠦᠭᠡᠨ ᠵᠡᠷᠭᠡ ᠡᠭᠦᠷᠭᠡ ᠶᠢ ᠪᠡᠶᠡᠯᠡᠭᠦᠯᠵᠦ᠂ ᠠᠯᠬᠤᠭ᠎ᠠ ᠪᠠᠷ ᠢᠶᠠᠨ ᠢᠲᠡᠭᠡᠯ ᠪᠢᠰᠢᠷᠡᠯ ᠤᠨ ᠵᠠᠮ ᠢ ᠬᠡᠮᠵᠢᠪᠡ᠃ ᠵᠡᠷᠭᠡ ᠪᠠᠷ ᠥᠷᠨᠢᠭᠦᠯᠦᠭᠰᠡᠨ《 ᠵᠠᠯᠠᠭᠤ ᠨᠠᠰᠤᠨ ᠤ ᠮᠠᠭᠲᠠᠭᠠᠯ 》 ᠤᠨ ᠵᠠᠭᠤᠨ ᠮᠧᠲᠷ ᠤᠨ ᠤᠷᠳᠤ ᠬᠠᠭᠤᠳᠠᠰᠤ ᠶᠢ ᠵᠢᠷᠤᠬᠤ ᠠᠵᠢᠯᠯᠠᠭ᠎ᠠ ᠳᠤᠮᠳᠠ᠂ ᠵᠢᠤ ᠶᠤᠸᠠᠨ ᠲᠣᠭᠤᠷᠢᠭ ᠤᠨ ᠰᠢᠷ᠎ᠠ ᠨᠤᠷ᠎ᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠬᠠᠮᠲᠤᠪᠠᠷ ᠪᠤᠭᠤᠲᠤ ᠬᠤᠳᠠ ᠶᠢᠨ ᠵᠢᠷᠤᠭ ᠢ ᠵᠢᠷᠤᠵᠤ᠂《ᠵᠠᠯᠠᠭᠤᠴᠤᠳ ᠬᠤᠳᠠ ᠲᠠᠢ ᠬᠠᠮᠲᠤ ᠪᠠᠷ ᠦᠰᠦᠨ ᠪᠤᠶᠢᠵᠢᠬᠤ》ᠰᠠᠶᠢᠨ ᠰᠠᠶᠢᠬᠠᠨ ᠬᠦᠰᠡᠯ ᠡᠷᠡᠮᠡᠯᠵᠡᠯ ᠢ ᠵᠢᠷᠤᠭᠯᠠᠪᠠ᠃ ᠠᠵᠢᠯᠯᠠᠭ᠎ᠠ ᠶᠢᠨ ᠠᠬᠤᠶ ᠲᠠᠯᠠᠪᠠᠶ ᠳᠤ᠂ ᠵᠢᠶᠠ ᠨᠢᠶᠠᠨ ᠬᠤᠸᠠ ᠵᠠᠯᠠᠭᠤᠴᠤᠳ ᠤᠨ ᠪᠦᠯᠬᠦᠮ ᠤᠨ ᠵᠡᠪᠰᠡᠭ ᠤᠨ ᠡᠷᠳᠡᠮ᠂ ᠨᠠᠶᠢᠷᠠᠯ ᠳᠠᠭᠤᠤ᠂ ᠰᠢᠯᠦᠭ ᠤᠨ ᠤᠷᠠᠨ ᠤᠩᠰᠢᠯᠭ᠎ᠠ ᠨᠢ ᠨᠠᠩ ᠣᠯᠠᠨ ᠵᠦᠢᠯ ᠬᠡᠯᠪᠡᠷᠢ ᠪᠠᠷ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃    ᠠᠵᠢᠯᠯᠠᠭ᠎ᠠ ᠶᠢᠨ ᠲᠡᠭᠦᠰᠬᠡᠯ ᠳᠤ᠂ ᠣᠷᠣᠯᠴᠠᠭᠰᠠᠳ《 ᠴᠠᠭ ᠮᠥᠴᠡ ᠶᠢᠨ ᠰᠤᠪᠤᠳ 》 ᠢ ᠵᠢᠤ ᠶᠤᠸᠠᠨ ᠲᠤᠭᠤᠷᠢᠭ ᠤᠨ ᠵᠠᠯᠠᠭᠤᠴᠤᠳ ᠤᠨ ᠴᠠᠭ ᠮᠥᠴᠡ ᠶᠢᠨ ᠬᠤᠮᠵᠢᠶ᠎ᠠ ᠳᠤ ᠪᠢᠲᠡᠭᠦᠮᠵᠢᠯᠡᠨ ᠬᠠᠳᠠᠭᠠᠯᠠᠵᠤ᠂ ᠣᠨᠴᠠᠭᠠᠢ ᠶᠣᠰᠣᠯᠠᠯ ᠢᠶᠠᠷ ᠠᠵᠢᠯ ᠤᠨ ᠪᠠᠶᠢᠷᠢ ᠲᠣᠭᠲᠠᠭᠠᠨ ᠲᠡᠮᠡᠴᠡᠬᠦ ᠪᠠᠷ ᠲᠠᠩᠭᠠᠷᠢᠭᠯᠠᠪᠠ᠃ ᠡᠴᠦᠰ ᠲᠤ᠂ 12 ᠡᠩᠨᠡᠭᠡ ᠪᠦᠬᠦᠨ ᠢᠶᠠᠷ ᠢᠶᠠᠨ ᠤᠷᠤᠯᠳᠤᠭᠠᠨ ᠳᠠᠭᠤᠰᠴᠤ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢᠨ ᠴᠠᠭ ᠤᠨ ᠤᠷᠳᠤ ᠵᠢᠴᠢ ᠡᠪᠯᠡᠯ ᠤᠨ ᠪᠦᠯᠬᠦᠮ ᠤᠨ ᠡᠭᠦᠳᠦᠨ ᠪᠦᠲᠦᠭᠡᠬᠦ ᠪᠡᠯᠡᠭ ᠤᠨ ᠪᠣᠭᠴᠣ ᠶᠢ ᠰᠣᠯᠢᠵᠤ᠂ ᠬᠥᠳᠡᠯᠭᠡᠭᠡᠨ ᠤ ᠥᠷᠢᠰᠥᠯᠳᠦᠭᠡᠨ ᠪᠣᠯᠤᠨ ᠨᠡᠶᠢᠭᠡᠮ ᠤᠨ ᠦᠷᠳᠡᠭ ᠤᠨ ᠬᠤᠣᠰ ᠴᠢᠭᠯᠡᠯ ᠢᠶᠠᠷ ᠤᠷᠤᠭᠰᠢᠯᠠᠬᠤ ᠶᠢ ᠪᠡᠶᠡᠯᠡᠭᠦᠯᠪᠡ᠃    ᠲᠤᠰ ᠤᠳᠠᠭ᠎ᠠ ᠶᠢᠨ ᠠᠵᠢᠯᠯᠠᠭ᠎ᠠ ᠪᠣᠯ ᠵᠢᠤ ᠶᠤᠸᠠᠨ ᠲᠤᠭᠤᠷᠢᠭ ᠤᠨ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠭᠦᠨᠵᠡᠭᠡᠶᠢᠷᠡᠭᠦᠯᠬᠦ ᠰᠢᠨ᠎ᠡ ᠶᠢ ᠡᠭᠦᠳᠬᠦ ᠦᠢᠯᠡᠳᠦᠯᠭᠡ ᠪᠣᠯᠤᠨ᠎ᠠ᠂ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠬᠢᠴᠢᠶᠡᠯ ᠤᠨ ᠲᠠᠩᠬᠢᠮ ᠪᠣᠯᠤᠨ᠎ᠠ᠃ ᠳᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠤᠨ ᠦᠵᠡᠵᠦ ᠰᠣᠨᠢᠷᠬᠠᠬᠤ ᠳᠤᠷᠠᠲᠠᠢ ᠨᠡᠷᠡᠳᠦ ᠳᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠴᠣᠭᠴᠠᠯᠠᠵᠤ᠂ ᠤᠯᠠᠮ ᠪᠠᠶᠠᠯᠢᠭ ᠬᠡᠯᠪᠡᠷᠢ ᠪᠠᠷ ᠵᠠᠯᠠᠭᠤᠴᠤᠳ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠬᠠᠷᠢᠶ᠎ᠠ ᠣᠷᠣᠨ ᠤ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠳᠤ ᠦᠨᠡᠨ ᠬᠦ ᠦᠢᠯᠡᠴᠢᠯᠡᠵᠦ᠂ ᠵᠢᠤ ᠶᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号