ᠬᠥᠳᠡᠭᠡ ᠲᠣᠰᠬᠤᠨ ᠤ ᠵᠠᠰᠠᠮᠠᠯ ᠵᠠᠮ ᠨᠢ ᠬᠥᠳᠡᠭᠡ ᠲᠣᠰᠬᠤᠨ ᠤ ᠭᠠᠵᠠᠷ ᠣᠷᠣᠨ ᠤ ᠴᠢᠬᠤᠯᠠ ᠰᠠᠭᠤᠷᠢ | ᠪᠡᠯᠡᠳᠬᠡᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ | ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠳᠤ ᠣᠷᠣᠯᠠᠭᠤᠯᠵᠤ ᠪᠣᠯᠤᠰᠢ ᠥᠬᠡᠶ | ᠦᠢᠯᠡᠳᠦᠯ ᠲᠠᠢ ᠶᠤᠮ᠃ ᠵᠢᠤ ᠶᠤᠸᠠᠨ ᠲᠤᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠢᠨᠠᠨ | ᠲᠣᠭᠲᠠᠭᠠᠬᠤ ᠲᠥᠪ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠠᠯᠠ | ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠶᠠᠪᠤᠴᠠ ᠶᠢ | ᠨᠠᠷᠢᠯᠢᠭᠵᠢᠭᠤᠯᠤᠨ ᠬᠢᠨᠠᠨ ᠲᠣᠭᠲᠠᠭᠠᠬᠤ ᠰᠢᠰᠲ᠋ᠧᠮ ᠢ ᠢᠳᠡᠪᠬᠢᠲᠡᠶ ᠪᠠᠶᠢᠭᠤᠯᠪᠠ᠃ ᠬᠥᠳᠡᠭᠡ ᠲᠣᠰᠬᠤᠨ ᠤ ᠵᠠᠰᠠᠮᠠᠯ | ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠰᠠᠶᠢᠲᠤᠷ ᠬᠢᠬᠦ ᠨᠢ ᠵᠠᠰᠠᠮᠠᠯ ᠵᠠᠮ ᠤᠨ ᠬᠡᠷᠡᠭᠯᠡᠬᠦ ᠠᠮᠢ ᠨᠠᠰᠤ ᠶᠢ | ᠤᠷᠲᠤᠳᠬᠠᠨ᠂ ᠵᠢᠤ ᠶᠤᠸᠠᠨ ᠲᠤᠭᠤᠷᠢᠭ ᠤᠨ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠪᠠᠶᠢᠳᠠᠯ ᠢ | ᠰᠠᠶᠢᠵᠢᠷᠠᠭᠤᠯᠵᠤ ᠴᠢᠳᠠᠬᠤ ᠪᠠᠷ ᠪᠠᠷᠠᠬᠤ ᠦᠭᠡᠶ ᠪᠠᠰᠠ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠢᠤ ᠶᠤᠸᠠᠨ ᠲᠤᠭᠤᠷᠢᠭ ᠤᠨ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠳᠤ | ᠬᠦᠴᠦᠲᠡᠶ ᠲᠦᠰᠢᠭ ᠲᠤᠯᠭᠠᠭᠤᠷᠢ ᠬᠠᠩᠭᠠᠵᠤ ᠴᠢᠳᠠᠬᠤ ᠶᠤᠮ᠃ | 2024 ᠣᠨ ᠳᠤ᠂ ᠵᠢᠤ ᠶᠤᠸᠠᠨ ᠲᠣᠭᠤᠷᠢᠭ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠢᠨᠵᠧᠨᠧᠷᠢᠩ ᠤᠨ ᠲᠦᠷᠦᠯ ᠵᠦᠢᠯ ᠢ ᠥᠷᠨᠢᠭᠦᠯᠵᠦ᠂ ᠣᠳᠣᠬᠠᠨ ᠳᠤ ᠨᠢᠭᠡᠨᠲᠡ ᠪᠦᠬᠦᠨ ᠢ ᠪᠠᠷᠢᠯᠭ᠎ᠠ ᠳᠠᠭᠤᠰᠤᠨ | ᠲᠡᠷᠭᠡ ᠨᠡᠪᠳᠡᠷᠡᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠶᠠᠪᠤᠵᠤ ᠰᠠᠭᠤᠬᠤ ᠨᠥᠬᠦᠴᠡᠯ ᠢ ᠶᠡᠭᠡ ᠪᠠᠷ | ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠳᠤ ᠬᠦᠴᠦ | ᠨᠡᠮᠡᠷᠢᠯᠡᠪᠡ᠃ 2025 ᠣᠨ ᠤ 5 ᠰᠠᠷ᠎ᠠ ᠳᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠢᠨᠠᠨ | ᠲᠣᠭᠲᠠᠭᠠᠬᠤ ᠲᠥᠪ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠵᠢᠴᠢ ᠪᠠᠶᠢᠭᠤᠯᠤᠭᠰᠠᠨ ᠦᠨ᠎ᠡ ᠶᠢᠨ | ᠲᠤᠰᠬᠠᠶ ᠪᠠᠶᠢᠭᠤᠯᠤᠮᠵᠢ ᠲᠣᠰ ᠲᠥᠷᠥᠯ ᠵᠦᠢᠯ ᠳᠤ ᠲᠤᠬᠠᠶ ᠶᠢᠨ ᠲᠠᠯᠠᠪᠠᠶ ᠶᠢᠨ ᠲᠡᠰᠦᠯᠦᠨ ᠪᠤᠳᠤᠬᠤ ᠬᠢᠨᠠᠨ | ᠪᠤᠳᠤᠬᠤ ᠬᠠᠷᠭᠤᠭᠤᠯᠤᠨ ᠬᠡᠮᠵᠢᠬᠦ ᠠᠵᠢᠯ ᠬᠢᠵᠦ᠂ ᠦᠨ᠎ᠡ ᠬᠢᠨᠠᠭᠴᠢ ᠭᠤᠤᠯᠳᠠᠭᠤ ᠵᠠᠮ ᠤᠨ ᠬᠡᠮᠵᠢᠶ᠎ᠡ᠂ ᠲᠡᠮᠳᠡᠭ | ᠱᠤᠭᠤᠮ ᠵᠡᠷᠭᠡ ᠲᠥᠷᠥᠯ ᠵᠦᠢᠯ ᠢ ᠬᠡᠮᠵᠢᠵᠦ ᠲᠡᠮᠳᠡᠭᠯᠡᠪᠡ᠃ ᠲᠤᠬᠠᠶ ᠶᠢᠨ ᠲᠠᠯᠠᠪᠠᠶ ᠶᠢᠨ ᠬᠡᠮᠵᠢᠬᠦ ᠪᠠᠷ ᠳᠠᠮᠵᠢᠨ᠂ | ᠦᠷᠭᠦᠯᠵᠢᠯᠡᠨ ᠳ᠋ᠦᠩᠨᠡᠨ ᠪᠤᠳᠤᠬᠤ ᠦᠨ᠎ᠡ ᠬᠢᠨᠠᠬᠤ ᠠᠵᠢᠯ ᠢ ᠥᠷᠨᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ | ᠬᠡᠮᠵᠢᠯᠲᠡ ᠶᠢᠨ ᠦᠷ᠎ᠡ ᠳ᠋ᠦᠩ ᠢ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠲᠠᠯ᠎ᠠ ᠶᠢᠨ ᠬᠢᠨ ᠬᠢᠨᠠᠨ | ᠬᠠᠷᠭᠤᠭᠤᠯᠬᠤ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠨ᠂ ᠪᠢᠴᠢᠭ ᠤᠨ ᠬᠡᠯᠪᠡᠷᠢ ᠶᠢᠨ ᠬᠠᠶᠢᠨ | ᠰᠢᠯᠭᠠᠯᠲᠠ ᠶᠢᠨ ᠲᠡᠮᠳᠡᠭᠯᠡᠯ ᠤᠨ ᠬᠦᠰᠦᠨᠦᠭ ᠪᠣᠯᠭᠠᠵᠤ᠂ ᠲᠣᠰ ᠤᠳᠠᠭᠠᠨ ᠤ ᠲᠤᠬᠠᠶ ᠶᠢᠨ ᠲᠠᠯᠠᠪᠠᠶ ᠳᠤ ᠳ᠋ᠦᠩᠨᠡᠨ | ᠪᠤᠳᠤᠵᠤ ᠬᠢᠨᠠᠨ ᠬᠠᠷᠭᠤᠭᠤᠯᠬᠤ ᠬᠡᠮᠵᠢᠯᠲᠡ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | | | | | | |