ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠶᠠᠷᠬᠤᠳᠳᠤᠭ ᠪᠠᠯᠭᠠᠰᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/16
    5 ᠰᠠᠷ᠎ᠠ ᠶᠢᠨ 13  ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠰᠢᠤᠢ ᠴᠧᠨ ᠲᠠᠷᠢᠶᠠᠯᠠᠩ ᠮᠠᠯ ᠠᠵᠤ ᠠᠬᠤᠶ ᠶᠢᠨ ᠳᠤᠭᠤᠶᠢᠯᠠᠩ ᠤᠨ ᠪᠦᠷᠢᠯᠳᠦᠬᠦᠨ ᠢᠶᠠᠨ ᠳᠠᠭᠠᠭᠤᠯᠤᠨ ᠬᠤᠶᠠᠷᠬᠤᠳᠳᠤᠭ ᠲᠤ ᠬᠦᠷᠴᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ ᠬᠡᠰᠡᠭ ᠲᠣᠭᠤᠷᠢᠭ ᠤᠨ᠂ ᠪᠠᠯᠭᠠᠰᠤᠨ ᠤ ᠠᠷᠠᠳ ᠤᠨ ᠲᠥᠯᠥᠭᠡᠯᠡᠭᠴᠢ ᠵᠢᠴᠢ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠯᠠᠯᠵᠢ ᠨᠢᠭᠡᠳᠦᠭᠡᠷ ᠲᠣᠰᠬᠤᠨ᠂ ᠤᠯᠠᠯᠵᠢ  ᠵᠢᠷᠭᠤᠳᠤᠭᠠᠷ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠪᠠ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃
11.jpg
    ᠤᠯᠠᠯᠵᠢ ᠨᠢᠭᠡᠳᠦᠭᠡᠷ ᠲᠣᠰᠬᠤᠨ ᠤ ᠥᠪᠥᠷ ᠮᠣᠩᠭᠤᠯ ᠤᠨ ᠬᠤᠩ ᠬᠤᠸᠠ ᠲᠠᠨ ᠹᠦ᠋ ᠯᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠴᠠᠭᠠᠰᠤᠨ ᠭᠤᠤᠯᠲᠤ ᠬᠤᠭᠤᠯᠠᠶ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠣᠷᠣᠵᠤ᠂ ᠦᠢᠯᠡᠳᠪᠦᠷᠢᠯᠡᠯ ᠤᠨ ᠠᠵᠢᠯᠯᠠᠭᠠᠨ ᠤ ᠶᠠᠪᠤᠴᠠ᠂ ᠦᠢᠯᠡᠳᠬᠦᠨ ᠤ ᠪᠦᠲᠦᠴᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠦᠢᠯᠡᠳᠬᠦᠨ ᠤ ᠪᠣᠷᠣᠯᠠᠭᠤᠯᠭ᠎ᠠ᠂ ᠵᠠᠬ᠎ᠠ ᠳᠡᠯᠭᠡᠭᠦᠷ ᠢ ᠥᠷᠭᠡᠳᠬᠡᠬᠦ᠂ ᠦᠢᠯᠡᠳᠪᠦᠷᠢᠯᠡᠯ ᠤᠨ ᠦᠷ᠎ᠡ ᠠᠰᠢᠭ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠷ ᠲᠠᠢ ᠨᠢᠭᠤᠷᠲᠠᠨ ᠰᠣᠯᠢᠯᠴᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠵᠢᠯ ᠤᠨ ᠲᠤᠬᠠᠶ ᠣᠯᠠᠨ ᠤ ᠰᠠᠨᠠᠯ ᠰᠠᠨᠠᠭᠤᠯᠭ᠎ᠠ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠥᠷᠭᠡᠨ ᠢᠶᠠᠷ ᠬᠤᠷᠢᠶᠠᠪᠠ᠃    ᠤᠯᠠᠯᠵᠢ ᠵᠢᠷᠤᠭᠤᠯᠳᠠᠭ ᠲᠣᠰᠬᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠲᠣᠰ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠲᠠᠷᠢᠶᠠᠯᠠᠩ ᠤᠨ ᠮᠠᠰᠢᠨ ᠢᠶᠠᠷ ᠲᠠᠷᠢᠶᠠᠴᠢᠳ ᠤᠨ ᠦᠢᠯᠡᠴᠢᠯᠡᠭᠡᠨ ᠤ ᠲᠤᠰᠬᠠᠶ ᠬᠤᠷᠰᠢᠶ᠎ᠠ ᠶᠢᠨ ᠬᠡᠷᠡᠭᠵᠢᠭᠦᠯᠵᠦ ᠪᠠᠶᠢᠭ᠎ᠠ《 ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ 》ᠲᠥᠷᠥᠯ ᠵᠦᠢᠯ ᠢ ᠨᠠᠷᠢᠨ ᠣᠶᠢᠯᠠᠭᠠᠪᠠ᠃ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠲᠠᠷᠢᠶᠠᠨ ᠭᠠᠵᠠᠷ ᠬᠡᠮᠬᠡᠷᠬᠡᠢ᠂ ᠲᠠᠷᠢᠶᠠᠨ ᠭᠠᠵᠠᠷ ᠤᠨ ᠦᠷ᠎ᠡ ᠠᠰᠢᠭ ᠳᠤᠤᠷ᠎ᠠ᠂ ᠨᠠᠰᠤᠵᠢᠭᠰᠠᠨ ᠲᠠᠷᠢᠶᠠᠴᠢᠳ ᠲᠠᠷᠢᠶᠠᠯᠠᠬᠤ ᠳᠤ ᠬᠦᠴᠢᠷᠲᠡᠶ᠂ ᠭᠠᠵᠠᠷ ᠰᠢᠷᠣᠶ ᠠᠲᠠᠷᠰᠢᠭᠰᠠᠨ ᠵᠡᠷᠭᠡ ᠠᠯᠢ ᠣᠯᠠᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠨᠠᠩ ᠣᠯᠠᠨ ᠣᠷᠣᠯᠭ᠎ᠠ ᠶᠢᠨ ᠢᠷᠡᠯᠲᠡ ᠣᠯᠭᠤᠵᠤ᠂ ᠲᠣᠰ ᠪᠡᠶ᠎ᠡ ᠶᠢᠨ ᠠᠵᠤ ᠠᠬᠤᠶ ᠶᠢᠨ ᠪᠣᠳᠠᠲᠤ ᠬᠦᠴᠦᠨ ᠪᠠ ᠬᠥᠭᠵᠢᠯᠲᠡ ᠶᠢᠨ ᠴᠢᠳᠠᠪᠤᠷᠢ ᠶᠢ ᠨᠢ ᠨᠡᠮᠡᠭᠳᠡᠭᠦᠯᠦᠭᠰᠡᠨ ᠪᠥᠭᠡᠳ ᠪᠠᠰᠠ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠦᠷᠭᠦᠯᠵᠢᠯᠡᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠪᠡ᠃    ᠪᠠᠶᠢᠴᠠᠭᠠᠨ ᠰᠤᠳᠤᠯᠬᠤ ᠳᠤᠭᠤᠶᠢᠯᠠᠩ ᠬᠤᠶᠠᠷᠬᠤᠳᠳᠤᠭ ᠪᠠᠯᠭᠠᠰᠤᠨ ᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠭᠦᠢᠴᠡᠳ ᠨᠤᠲᠠᠯᠠᠪᠠ᠃ ᠷᠧᠨ ᠡᠷᠬᠢᠯᠡᠭᠴᠢ ᠱᠠᠭᠠᠷᠳᠠᠭᠰᠠᠨ ᠨᠢ᠂ ᠨᠢᠭᠡ ᠳᠤ ᠲᠠᠷᠢᠶᠠᠴᠢᠳ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠳᠠᠬᠢ ᠭᠤᠤᠯ ᠴᠣᠭᠴᠠ ᠶᠢᠨ ᠪᠠᠶᠢᠷᠢ ᠰᠠᠭᠤᠷᠢ ᠶᠢ ᠢᠮᠠᠭᠲᠠ ᠪᠠᠲᠤ ᠰᠠᠬᠢᠵᠤ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠲᠠᠷᠢᠶᠠᠴᠢᠳ ᠢ ᠦᠨᠡᠨ ᠬᠦ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠣᠷᠣᠯᠴᠠᠭᠴᠢ᠂ ᠠᠰᠢᠭ ᠬᠦᠷᠲᠡᠭᠴᠢ ᠪᠠ ᠬᠢᠨᠠᠯᠲᠠ ᠲᠠᠯᠪᠢᠭᠴᠢ ᠪᠤᠯᠭᠠᠨ᠎ᠠ᠃ ᠬᠤᠶᠠᠷ ᠲᠤ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠵᠣᠷᠢᠭᠲᠠᠶ ᠪᠠᠷ ᠰᠢᠨ᠎ᠡ ᠶᠢ ᠡᠭᠦᠳᠴᠦ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠡᠰᠢᠵᠢᠭᠰᠡᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠬᠠᠮᠲᠤ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ  ᠦᠷ᠎ᠡ ᠠᠰᠢᠭ ᠢ ᠨᠡᠮᠡᠭᠳᠡᠭᠦᠯᠦᠨ᠎ᠡ᠃ ᠭᠤᠷᠪᠠ ᠳᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠵᠤ᠂ ᠠᠷᠠᠳᠴᠢᠯᠠᠯ ᠢᠶᠠᠷ ᠬᠠᠮᠢᠶᠠᠷᠬᠤ ᠪᠠ ᠢᠯᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠪᠦᠷᠢᠯᠳᠦᠬᠦᠨ ᠳᠤ ᠬᠦᠷᠲᠡᠭᠡᠬᠦ ᠶᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠬᠠᠮᠲᠤᠪᠠᠷ ᠪᠠᠶᠠᠵᠢᠬᠤ ᠵᠠᠭᠪᠤᠷ ᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠤᠨ ᠲᠣᠭᠲᠠᠭᠤᠨ ᠳᠤ ᠪᠠᠲᠤ ᠰᠠᠭᠤᠷᠢ ᠲᠠᠯᠪᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号