ᠨᠠᠮ ᠤᠨ ᠪᠠᠶᠢᠭᠤᠯᠤᠯᠲᠠ ᠬᠦᠴᠦ ᠲᠥᠪᠯᠡᠷᠡᠭᠦᠯᠦᠨ ᠲᠠᠷᠢᠶᠠᠯᠠᠩ ᠤᠨ ᠬᠦᠴᠢᠷᠳᠡᠯ ᠢ ᠰᠢᠢᠳᠪᠦᠷᠢᠯᠡᠵᠦ᠂ ᠪᠤᠷᠳᠤᠭᠤᠷ ᠬᠡᠷᠡᠭᠯᠡᠵᠦ ᠵᠢᠯᠤᠭᠤᠳᠤᠨ ᠳᠠᠷᠢᠬᠤ ᠶᠢ ᠳᠤᠯᠠᠭᠠᠯᠠᠨ᠎ᠠ
ᠨᠡᠶᠢᠲᠡᠯᠡᠭᠰᠡᠨ ᠴᠠᠭ᠄
2025/5/16
    ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠳᠤ ᠬᠦᠴᠢᠷᠲᠡᠶ ᠡᠷᠦᠬᠡ ᠶᠢᠨ ᠪᠣᠳᠠᠲᠠᠶ ᠬᠡᠷᠡᠭᠴᠡᠭᠡ ᠶᠢ ᠦᠨᠡᠨ ᠬᠦ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠶ ᠥᠷᠨᠢᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 12  ᠤᠨ ᠡᠳᠦᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠤᠶᠠᠳᠤᠭᠠᠷ ᠨᠠᠮ ᠤᠨ ᠡᠭᠦᠷ ᠲᠠᠢ ᠬᠠᠮᠵᠢᠯᠴᠠᠨ ᠬᠤᠷᠢᠨᠭᠡᠷ ᠪᠠᠯᠭᠠᠰᠤᠨ ᠳᠤ ᠬᠦᠷᠴᠦ᠂ ᠲᠤᠬᠠᠶ ᠶᠢᠨ ᠭᠠᠵᠠᠷ ᠤᠨ ᠬᠠᠪᠤᠷ ᠤᠨ ᠲᠠᠷᠢᠶᠠᠯᠠᠭ᠎ᠠ ᠶᠢᠨ ᠬᠦᠴᠢᠷᠳᠡᠯ ᠲᠠᠢ ᠡᠷᠦᠬᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠢᠮᠢ ᠶᠢᠨ ᠪᠣᠷᠲᠣᠭᠤᠷ ᠲᠠᠷᠬᠠᠭᠠᠵᠤ᠂ ᠨᠡᠶᠢᠲᠡ 4 ᠲᠣᠨ ᠣᠷᠭᠠᠨᠢᠭ ᠪᠣᠷᠲᠣᠭᠤᠷ ᠢ ᠬᠦᠴᠢᠷᠳᠡᠯᠲᠡᠶ ᠡᠷᠦᠬᠡ ᠳᠤ ᠨᠢᠭᠡ ᠨᠢᠭᠡ ᠳᠤᠨᠢ ᠲᠠᠷᠬᠠᠭᠠᠪᠠ᠃
11.jpg
    ᠣᠷᠭᠠᠨᠢᠭ ᠪᠣᠷᠲᠣᠭᠤᠷ ᠨᠢ ᠬᠥᠷᠥᠰᠥᠨ ᠤ ᠪᠦᠲᠦᠴᠡ ᠶᠢ ᠰᠠᠶᠢᠵᠢᠷᠠᠭᠤᠯᠬᠤ᠂ ᠬᠥᠷᠥᠰᠥᠨ ᠤ ᠥᠩ ᠰᠢᠮ᠎ᠡ ᠶᠢ ᠳᠡᠭᠡᠭᠰᠢᠯᠡᠭᠦᠯᠬᠦ᠂ ᠲᠠᠷᠢᠮᠠᠯ ᠤᠨ ᠤᠷᠭᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠪᠠᠶᠢᠵᠤ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠲᠡᠶ ᠳᠡᠮᠵᠢᠯᠭᠡ ᠬᠠᠩᠭᠠᠵᠤ ᠴᠢᠳᠠᠨ᠎ᠠ᠃ ᠲᠠᠷᠬᠠᠬᠤ ᠲᠤᠬᠠᠶ ᠶᠢᠨ ᠲᠠᠯᠠᠪᠠᠶ ᠳᠤ᠂ ᠴᠠᠩ ᠰᠢᠨ ᠳᠡᠳ᠋ ᠲᠣᠪᠴᠢᠶᠠᠨ ᠳᠠᠷᠤᠭ᠎ᠠ ᠪᠠ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠳ ᠲᠠᠷᠢᠶᠠᠴᠢᠨ ᠡᠷᠦᠭᠡ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠠᠪᠤᠷ ᠤᠨ ᠲᠠᠷᠢᠶᠠᠯᠠᠭ᠎ᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠵᠤ᠂ ᠲᠠᠷᠢᠶᠠᠯᠠᠬᠤ ᠮᠡᠷᠭᠡᠵᠢᠯ᠂ ᠲᠠᠷᠢᠶᠠᠨ ᠭᠠᠵᠠᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠲᠠᠷᠢᠶᠠᠴᠢᠨ ᠡᠷᠦᠬᠡ ᠶᠢᠨ ᠡᠷᠡᠭᠡᠯᠵᠡᠭᠡ ᠳᠤ ᠬᠦᠯᠢᠴᠡᠩᠭᠦᠶ ᠪᠠᠷ ᠬᠠᠷᠢᠭᠤᠯᠲᠠ ᠥᠭᠴᠡᠶ᠃    ᠲᠣᠰ ᠤᠳᠠᠭᠠᠨ ᠤ ᠲᠠᠷᠬᠠᠭᠠᠨ ᠦᠭᠬᠦ ᠠᠵᠢᠯᠯᠠᠭ᠎ᠠ ᠪᠣᠯ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠠᠷᠠᠳ ᠤᠨ ᠠᠮᠢᠳᠤᠷᠠᠯ ᠢ ᠠᠩᠬᠠᠷᠴᠤ᠂《 ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ 》 ᠳᠤ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ ᠬᠦᠴᠢᠷᠳᠡᠯᠲᠡᠶ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤᠲᠠᠭᠳᠠᠵᠤ ᠪᠠᠶᠢᠭ᠎ᠠ ᠪᠠᠴᠢᠮ ᠪᠠᠶᠢᠳᠠᠯ ᠢ ᠦᠨᠡᠨ ᠪᠣᠳᠠᠲᠠᠶ ᠪᠠᠷ ᠰᠢᠢᠳᠪᠦᠷᠢᠯᠡᠵᠦ᠂ ᠲᠠᠷᠢᠶᠠᠴᠢᠨ ᠡᠷᠦᠬᠡ ᠶᠢᠨ ᠲᠠᠷᠢᠶᠠᠯᠠᠩ ᠦᠢᠯᠡᠳᠪᠦᠷᠢᠯᠡᠯ ᠢᠶᠠᠨ ᠬᠥᠭᠵᠢᠭᠦᠯᠬᠦ ᠢᠲᠡᠭᠡᠯ ᠵᠣᠷᠢᠭ ᠢ ᠨᠢ ᠤᠯᠠᠮ ᠨᠢᠭᠡ ᠠᠯᠬᠤᠮ ᠴᠢᠩᠭᠠᠷᠠᠭᠤᠯᠪᠠ᠃ ᠢᠷᠡᠭᠡᠳᠦᠶ ᠳᠤ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠦᠢᠯᠡᠳᠪᠦᠷᠢᠯᠡᠯ ᠤᠨ ᠬᠥᠳᠡᠯᠦᠯ ᠪᠠᠶᠢᠳᠠᠯ ᠢ ᠦᠷᠭᠦᠯᠵᠢᠯᠡᠨ ᠠᠩᠬᠠᠷᠴᠤ᠂ ᠡᠯ᠎ᠡ ᠲᠠᠯ᠎ᠠ ᠶᠢᠨ ᠬᠦᠴᠦᠨ ᠲᠠᠢ ᠬᠤᠯᠪᠣᠭᠠᠯᠠᠨ᠂ ᠲᠠᠷᠢᠶᠠᠴᠢᠳ ᠲᠤ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠭᠠᠵᠠᠷ ᠣᠷᠣᠨ ᠤ ᠲᠠᠷᠢᠶᠠᠯᠠᠩ ᠤᠨ ᠲᠣᠭᠲᠠᠭᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号