ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ《 ᠥᠪᠡᠷ ᠢ ᠪᠠᠨ ᠬᠦᠴᠦᠷᠬᠡᠭᠵᠢᠭᠦᠯᠬᠦ ᠪᠠ | ᠵᠡᠮᠳᠡᠭᠴᠦᠳ ᠢ ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ ᠢ | ᠨᠢᠭᠲᠠᠷᠠᠭᠤᠯᠤᠶ᠎ᠠ 》ᠭᠡᠬᠦ ᠭᠤᠤᠯ ᠰᠡᠳᠦᠪ ᠢ ᠢᠳᠡᠪᠬᠢᠲᠡᠶ ᠴᠤᠤᠷᠢᠶᠠᠲᠤᠵᠤ᠂ ᠬᠠᠷᠢᠶᠠᠲᠤ ᠣᠷᠣᠨ ᠤ | ᠵᠡᠮᠳᠡᠭᠴᠦᠳ ᠤᠨ ᠨᠢᠳᠦᠨ ᠤ ᠡᠷᠡᠭᠦᠯ ᠮᠡᠨᠳᠦ ᠶᠢ ᠦᠨᠡᠨ ᠬᠦ ᠬᠠᠯᠠᠮᠵᠢᠯᠠᠬᠤ ᠶᠢᠨ ᠲᠥᠯᠥᠭᠡ᠂ 5 ᠰᠠᠷ᠎ᠠ ᠶᠢᠨ 14 ᠤ | ᠡᠳᠦᠷ᠂ ᠪᠠᠶᠠᠨᠰᠢᠯᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠬᠠᠯᠠᠭᠤᠨ ᠳᠣᠲᠣᠨᠣ ᠬᠡᠷ | ᠣᠷᠣᠨ ᠳᠠᠭᠠᠨ《 ᠵᠡᠮᠳᠡᠭᠴᠦᠳ ᠢ ᠲᠤᠰᠠᠯᠠᠬᠤ ᠡᠳᠦᠷ ᠲᠠᠢ ᠰᠡᠳᠬᠢᠯ ᠵᠢᠷᠦᠬᠡ ᠪᠠᠨ ᠬᠤᠯᠪᠤᠵᠤ᠂ ᠨᠢᠳᠦᠨ ᠤ ᠡᠷᠡᠭᠦᠯ | ᠮᠡᠨᠳᠦ ᠶᠢ ᠬᠠᠮᠲᠤ ᠪᠠᠷ ᠴᠣᠭᠴᠠᠯᠠᠶ᠎ᠠ 》ᠭᠡᠬᠦ ᠦᠨᠳᠦᠰᠦᠨ ᠨᠢᠳᠦᠨ ᠤ ᠡᠪᠡᠳᠴᠢᠨ ᠢ ᠡᠮᠨᠡᠨ ᠵᠠᠰᠠᠬᠤ ᠠᠵᠢᠯᠯᠠᠭ᠎ᠠ | ᠥᠷᠨᠢᠭᠦᠯᠪᠡ᠃ | | | | ᠲᠣᠰ ᠤᠳᠠᠭᠠᠨ ᠤ ᠠᠵᠢᠯᠯᠠᠭ᠎ᠠ ᠶᠢ ᠪᠠᠶᠠᠨᠰᠢᠯᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ | ᠲᠦᠷᠦᠭᠦᠯᠡᠨ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠵᠢᠤ ᠶᠤᠸᠠᠨ ᠲᠣᠭᠤᠷᠢᠭ ᠤᠨ ᠴᠤᠤ | ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠵᠢᠴᠢ ᠭᠡᠷ ᠬᠤᠷᠢᠶᠠᠯᠠᠯ ᠤᠨ ᠰᠠᠶᠢᠨ ᠳᠤᠷᠠᠴᠤᠳ ᠲᠠᠢ ᠬᠠᠮᠲᠤᠷᠠᠨ᠂《 | ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠲᠤᠰᠬᠠᠶ ᠮᠡᠷᠭᠡᠵᠢᠯ ᠢᠶᠠᠷ ᠲᠤᠯᠭᠠᠭᠤᠷᠢᠯᠠᠬᠤ᠂ ᠨᠡᠶᠢᠭᠡᠮ | ᠨᠡᠶᠢᠲᠡ ᠪᠠᠷ ᠢᠶᠠᠨ ᠣᠷᠣᠯᠴᠠᠬᠤ 》ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠵᠢᠤ ᠶᠤᠸᠠᠨ ᠲᠣᠭᠤᠷᠢᠭ ᠤᠨ ᠴᠤᠤ | ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠠᠴᠠ ᠲᠤᠰᠬᠠᠶ ᠡᠮᠴᠢᠯᠡᠭᠡᠨ ᠤ ᠪᠦᠯᠬᠦᠮ ᠢ ᠨᠠᠷᠢᠨ ᠰᠤᠩᠭᠤᠵᠤ᠂ ᠬᠠᠮᠢᠶ᠎ᠠ | ᠪᠥᠬᠦᠶ ᠲᠥᠬᠦᠭᠡᠷᠦᠮᠵᠢ ᠪᠠᠨ ᠠᠪᠴᠤ᠂ ᠵᠡᠮᠳᠡᠭᠴᠦᠳ ᠲᠤ ᠦᠨ᠎ᠡ ᠲᠦᠯᠦᠪᠦᠷᠢ ᠦᠭᠡᠢ ᠨᠢᠳᠦᠨ ᠤ ᠡᠪᠡᠳᠴᠢᠨ ᠢ | ᠰᠢᠭᠰᠢᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠪᠠ᠃ | ᠠᠵᠢᠯᠯᠠᠭ᠎ᠠ ᠶᠢᠨ ᠠᠬᠤᠶ ᠲᠠᠯᠠᠪᠠᠶ ᠳᠤ᠂ ᠰᠠᠭᠤᠷᠢ ᠪᠠᠶᠢᠴᠠᠭᠠᠯᠲᠠ ᠳᠤ 60 ᠭᠠᠷᠤᠶ ᠬᠥᠮᠦᠨ ᠳᠤ ᠦᠢᠯᠡᠴᠢᠯᠡᠵᠦ᠂ | 5 ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ ᠢ ᠰᠢᠭᠰᠢᠨ ᠪᠠᠶᠢᠴᠠᠭᠠᠵᠤ ᠭᠠᠷᠭᠠᠭᠰᠠᠨ ᠪᠥᠭᠡᠳ | ᠡᠪᠡᠳᠴᠢᠲᠡᠨ ᠳᠤ ᠨᠢᠭᠡ ᠨᠢᠭᠡ ᠪᠠᠷ ᠳᠡᠩᠰᠡᠯᠡᠵᠦ ᠥᠭᠪᠡ᠃ ᠨᠢᠳᠦᠨ ᠤ ᠰᠠᠯᠠᠭᠠᠨ ᠤ ᠲᠤᠰᠬᠠᠶ ᠮᠡᠷᠭᠡᠵᠢᠯᠲᠡᠨ ᠣᠯᠠᠨ | ᠲᠦᠮᠡᠨ ᠤ ᠠᠰᠠᠭᠤᠯᠲᠠ ᠳᠤ ᠨᠢᠭᠡ ᠨᠢᠭᠡ ᠪᠠᠷ ᠬᠠᠷᠢᠭᠤᠯᠲᠠ ᠥᠭᠴᠦ᠂ ᠣᠯᠠᠨ ᠳᠤ ᠨᠢᠳᠦᠨ ᠤ ᠡᠷᠡᠭᠦᠯ ᠴᠢᠭᠢᠷᠠᠭ ᠢ | ᠨᠠᠩ ᠭᠦᠨᠵᠡᠭᠡᠶ ᠤᠶᠢᠯᠠᠭᠠᠭᠤᠯᠪᠠ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ 80 ᠭᠠᠷᠤᠶ ᠬᠤᠪᠢ | ᠡᠷᠡᠭᠦᠯᠵᠢᠯ ᠤᠨ ᠤᠬᠠᠭᠤᠯᠭ᠎ᠠ ᠶᠢᠨ ᠭᠠᠷ ᠳᠡᠪᠲᠡᠷ ᠪᠠ ᠵᠢᠵᠢᠭ ᠪᠡᠯᠡᠭ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠᠷ 80 ᠭᠠᠷᠤᠶ ᠬᠥᠮᠦᠨ ᠳᠤ ᠠᠰᠢᠭ ᠬᠦᠷᠲᠡᠭᠡᠵᠦ᠂ ᠣᠯᠠᠨ ᠲᠦᠮᠡᠨ ᠤ ᠨᠢᠳᠦ ᠬᠠᠮᠠᠭᠠᠯᠠᠬᠤ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠬᠦᠨᠳᠦ ᠵᠡᠮᠳᠡᠭᠴᠦᠳ ᠬᠥᠳᠡᠯᠵᠦ ᠪᠠᠷᠢᠬᠤ ᠳᠤ ᠳᠥᠭᠦᠮ ᠦᠭᠡᠢ | ᠪᠠᠶᠢᠬᠤ ᠶᠢ ᠪᠣᠳᠣᠯᠬᠢᠯᠠᠨ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠬᠡᠷᠡᠭᠴᠡᠭᠡ ᠶᠢ ᠤᠷᠢᠳᠴᠢᠯᠠᠨ | ᠣᠶᠢᠯᠠᠭᠠᠵᠤ᠂ ᠲᠤᠬᠠᠶ ᠶᠢᠨ ᠲᠠᠯᠠᠪᠠᠶ ᠳᠤ ᠠᠮᠠᠷᠠᠯᠲᠠ ᠶᠢᠨ ᠲᠣᠭᠤᠷᠢᠭ ᠭᠠᠷᠭᠠᠭᠰᠠᠨ ᠤ ᠬᠠᠮᠲᠤ ᠲᠤᠰᠬᠠᠶ ᠬᠥᠮᠦᠨ | ᠲᠣᠬᠢᠷᠠᠭᠤᠯᠤᠨ ᠬᠥᠲᠥᠯᠥᠨ ᠵᠢᠯᠣᠭᠤᠳᠣᠭᠤᠯᠵᠤ᠂ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠵᠤ᠂ ᠵᠡᠮᠳᠡᠭᠴᠦᠳ ᠲᠤ ᠳᠣᠲᠣᠨᠣ ᠬᠠᠯᠠᠮᠵᠢᠯᠠᠯ ᠢ ᠬᠦᠷᠲᠡᠭᠡᠪᠡ᠃ | ᠲᠣᠰ ᠤᠳᠠᠭᠠᠨ ᠤ ᠠᠵᠢᠯᠯᠠᠭ᠎ᠠ ᠨᠢ《 ᠡᠷᠲᠡ ᠢᠯᠡᠷᠡᠭᠦᠯᠵᠦ᠂ ᠡᠷᠲᠡ ᠬᠠᠮᠢᠶᠠᠷᠬᠤ 》 ᠪᠠᠷ ᠬᠠᠷᠠᠯᠲᠠ | ᠪᠣᠯᠭᠠᠵᠤ᠂ ᠵᠡᠮᠳᠡᠭᠴᠦᠳ ᠢ ᠬᠠᠪᠰᠤᠷᠤᠨ ᠨᠢᠳᠦᠨ ᠤ ᠡᠷᠡᠭᠦᠯ ᠮᠡᠨᠳᠦ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠤ ᠥᠪᠡᠷ ᠤᠨ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠵᠡᠶ᠃ ᠣᠷᠣᠯᠴᠠᠭᠰᠠᠳ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠥᠭᠦᠮ ᠪᠥᠭᠡᠳ | ᠳᠣᠲᠣᠨᠣ ᠪᠠᠶᠢᠨ᠎ᠠ ᠭᠡᠵᠦ ᠢᠯᠡᠷᠬᠡᠶᠢᠯᠡᠵᠡᠶ᠃ ᠲᠠᠷᠠᠭᠠᠴᠢ ᠪᠠᠷ᠂ ᠪᠠᠶᠠᠨᠰᠢᠯᠢ ᠵᠡᠭᠡᠯᠢ ᠭᠤᠳᠤᠮᠵᠢ ᠶᠢᠨ ᠵᠡᠮᠳᠡᠭᠴᠦᠳ ᠤᠨ | ᠬᠤᠯᠪᠣᠭ᠎ᠠ ᠡᠬᠢ ᠪᠠᠶᠠᠯᠢᠭ ᠢᠶᠠᠨ ᠦᠷᠭᠦᠯᠵᠢᠯᠡᠨ ᠨᠡᠶᠢᠳᠬᠡᠵᠦ᠂ ᠵᠡᠮᠳᠡᠭᠴᠦᠳ ᠤᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ | ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠵᠣᠯ ᠵᠢᠷᠭᠠᠯᠲᠤ | ᠬᠡᠷ ᠣᠷᠣᠨ ᠢᠶᠠᠨ ᠭᠠᠷ ᠬᠤᠯᠪᠣᠨ ᠬᠠᠮᠲᠤ ᠪᠠᠷ ᠪᠠᠶᠢᠭᠤᠯᠤᠨ᠎ᠠ᠃ | | | | | | | | |