《 ᠦᠢᠯᠡ ᠠᠵᠢᠯᠯᠠᠭ᠎ᠠ ᠶᠢ ᠲᠦᠰᠦᠪᠯᠡᠬᠦ ᠤᠬᠠᠭᠠᠨ : ᠣᠷᠭᠢᠯ ᠬᠡᠮᠵᠢᠭᠳᠡᠯ ᠤᠨ ᠪᠡᠶᠡᠴᠢ ᠣᠶᠢᠯᠠᠭᠠᠯᠲᠠ ᠶᠢ | ᠪᠦᠲᠦᠭᠡᠬᠦ 》 ᠨᠢ ᠡᠵᠡᠩᠨᠡᠨ ᠬᠠᠮᠢᠶᠠᠷᠤᠯᠲᠠ ᠶᠢᠨ ᠲᠥᠷᠥᠯ ᠤᠨ ᠪᠣᠷᠣᠯᠠᠭᠤᠯᠤᠯᠲᠠ ᠰᠠᠶᠢᠲᠠᠢ ᠨᠣᠮ ᠪᠣᠯᠤᠭᠰᠠᠨ ᠤ | ᠬᠤᠪᠢ ᠳᠤ᠂ ᠥᠪᠡᠷᠮᠢᠴᠡ ᠬᠠᠷᠠᠭᠠᠰᠤ ᠪᠣᠯᠤᠨ ᠬᠡᠷᠡᠭᠯᠡᠭᠡᠨ ᠤ ᠠᠷᠭ᠎ᠠ ᠪᠠᠷ ᠡᠯ᠎ᠡ ᠠᠵᠢᠯ ᠲᠥᠷᠥᠯ ᠢ ᠨᠥᠯᠥᠭᠡᠯᠡᠵᠦ | ᠪᠠᠶᠢᠨ᠎ᠠ᠃ ᠵᠢᠤ ᠶᠤᠸᠠᠨ ᠲᠣᠭᠤᠷᠢᠭ ᠤᠨ ᠥᠷᠭᠡᠨ ᠤᠯᠠᠨ ᠵᠠᠯᠠᠭᠤᠴᠤᠳ ᠡᠨᠡ ᠬᠦ ᠬᠦᠷᠢᠶᠡᠨ ᠤ ᠨᠠᠷᠢᠨ ᠨᠢᠭᠤᠴᠠ ᠶᠢ | ᠬᠠᠶᠢᠨ ᠰᠦᠪᠡᠭᠴᠢᠯᠡᠬᠦ ᠶᠢ ᠤᠯᠠᠮ ᠴᠢᠨᠠᠭᠰᠢᠳᠠ ᠬᠦᠳᠦᠯᠥᠨ ᠳᠠᠭᠠᠭᠤᠯᠬᠤ ᠶᠢᠨ ᠲᠥᠯᠥᠭᠡ᠂ 5 ᠰᠠᠷ᠎ᠠ ᠶᠢᠨ 10 ᠤ | ᠤᠷᠤᠢ᠂ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠪᠤᠭᠤᠲᠤ ᠶᠢᠨ ᠶᠢᠦ ᠸᠧᠢ ᠵᠠᠯᠠᠭᠤᠴᠤᠳ ᠤᠨ | ᠰᠣᠶᠣᠯ ᠤᠨ ᠠᠵᠢᠯᠯᠠᠬᠤ ᠳᠠᠰᠤᠬ ᠲᠠᠢ ᠬᠠᠮᠲᠤᠷᠠᠨ ᠥᠪᠡᠷᠮᠢᠴᠡ ᠣᠨᠴᠠᠯᠢᠭ ᠲᠠᠢ《 ᠦᠢᠯᠡ ᠠᠵᠢᠯᠯᠠᠭ᠎ᠠ ᠶᠢ | ᠲᠦᠰᠦᠪᠯᠡᠬᠦ ᠤᠬᠠᠭᠠᠨ : ᠤᠷᠭᠢᠯ ᠬᠡᠮᠵᠢᠭᠳᠡᠯ ᠤᠨ ᠪᠡᠶᠡᠴᠢ ᠣᠶᠢᠯᠠᠭᠠᠯᠲᠠ ᠶᠢ ᠪᠦᠲᠦᠭᠡᠬᠦ 》ᠭᠡᠬᠦ ᠨᠣᠮ ᠤᠩᠰᠢᠨ | ᠬᠤᠪᠢᠶᠠᠯᠴᠠᠬᠤ ᠬᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠪᠠ᠃ | | | | ᠡᠷᠳᠡᠮ ᠮᠡᠳᠡᠯᠭᠡ ᠶᠢ ᠬᠠᠶᠢᠨ ᠰᠦᠪᠡᠭᠴᠢᠯᠡᠵᠦ ᠬᠠᠮᠲᠤ ᠪᠠᠷ ᠤᠩᠰᠢᠯᠭ᠎ᠠ ᠶᠢᠨ ᠵᠢᠭᠤᠯᠴᠢᠯᠠᠯ ᠳᠤ ᠵᠤᠭᠠᠴᠠᠨ᠎ᠠ | ᠨᠣᠮ ᠤᠩᠰᠢᠬᠤ ᠬᠤᠷᠠᠯ ᠬᠥᠲᠥᠯᠥᠭᠴᠢ ᠶᠢᠨ ᠭᠤᠶᠢᠳᠠ ᠰᠠᠶᠢᠬᠠᠨ ᠤᠩᠰᠢᠯᠭ᠎ᠠ ᠪᠠᠷ ᠬᠥᠰᠢᠭᠡ ᠪᠠᠨ ᠰᠡᠬᠦᠪᠡ᠃ | ᠬᠥᠲᠥᠯᠥᠭᠴᠢ ᠠᠴᠠ ᠲᠣᠰ ᠤᠳᠠᠭᠠᠨ ᠤ ᠨᠣᠮ ᠤᠩᠰᠢᠬᠤ ᠬᠤᠷᠠᠯ ᠳᠤ ᠰᠣᠩᠭᠤᠭᠰᠠᠨ ᠨᠣᠮ ᠳᠤ ᠶᠡᠭᠡ ᠲᠥᠯᠥᠪ | ᠠᠭᠤᠯᠭ᠎ᠠ ᠶᠢᠨ ᠲᠠᠨᠢᠯᠴᠠᠭᠤᠯᠭ᠎ᠠ ᠬᠢᠵᠦ᠂ ᠡᠯ᠎ᠡ ᠵᠦᠢᠯ ᠤᠨ ᠠᠬᠤᠶ ᠦᠵᠡᠭᠳᠡᠯ ᠳᠤ ᠬᠡᠷᠬᠢᠨ ᠮᠠᠷᠲᠠᠭᠳᠠᠰᠢ ᠥᠬᠡᠶ | ᠥᠩᠭᠡᠷᠡᠯᠲᠡ ᠶᠢ ᠪᠣᠶ ᠪᠣᠯᠭᠠᠬᠤ ᠲᠤᠬᠠᠶ ᠭᠤᠤᠯ ᠣᠶᠢᠯᠠᠭᠠᠭᠳᠠᠬᠤᠨ ᠢ ᠲᠣᠳᠣᠷᠬᠠᠶᠢᠯᠠᠨ ᠥᠭᠦᠯᠡᠵᠦ᠂ ᠤᠳᠠᠯ ᠥᠬᠡᠶ | ᠭᠦᠨᠵᠡᠭᠡᠶ ᠤᠩᠰᠢᠬᠤ ᠭᠡᠵᠦ ᠪᠠᠶᠢᠭ᠎ᠠ ᠨᠣᠮ ᠪᠢᠴᠢᠭ ᠲᠤ ᠠᠩᠬ᠎ᠠ ᠠᠯᠬᠤᠮ ᠤᠨ ᠲᠠᠨᠢᠯᠲᠠ ᠲᠠᠢ ᠪᠣᠯᠭᠠᠪᠠ᠃ | ᠳᠠᠷᠠᠭ᠎ᠠ ᠨᠢ ᠶᠠᠪᠤᠭᠳᠠᠭᠰᠠᠨ ᠮᠥᠰᠥ ᠬᠠᠭᠠᠯᠬᠤ ᠲᠠᠨᠢᠯᠴᠠᠭᠤᠯᠭ᠎ᠠ ᠶᠢᠨ ᠭᠤᠭᠴᠤᠭ᠎ᠠ ᠨᠢ ᠴᠦ ᠮᠠᠰᠢ ᠰᠣᠨᠢᠷᠬᠠᠯᠲᠠᠶ | ᠪᠠᠶᠢᠵᠤ᠂ ᠪᠠᠶᠠᠷ ᠬᠥᠷ ᠤᠨ ᠳᠤᠮᠳᠠ᠂ ᠣᠷᠣᠯᠴᠠᠭᠴᠢᠳ ᠲᠠᠰ ᠳᠠᠷᠠᠭᠠᠯᠠᠨ ᠥᠪᠡᠷ ᠢ ᠪᠠᠨ ᠲᠠᠨᠢᠯᠴᠠᠭᠤᠯᠵᠤ᠂ | ᠬᠠᠷᠢᠯᠴᠠᠨ ᠣᠶᠢᠷᠠᠲᠤᠭᠤᠯᠵᠤ᠂ ᠲᠠᠷᠠᠭᠠᠴᠢ ᠶᠢᠨ ᠭᠦᠨᠵᠡᠭᠡᠶ ᠤᠩᠰᠢᠯᠭ᠎ᠠ ᠪᠠ ᠬᠤᠪᠢᠶᠠᠯᠴᠠᠬᠤ ᠭᠤᠭᠴᠤᠭ᠎ᠠ ᠳᠤ | ᠬᠠᠯᠠᠭᠤᠨ ᠳᠤᠯᠠᠭᠠᠨ ᠳᠠᠯᠳᠠ ᠪᠢᠷ ᠪᠤᠯᠠᠵᠤ ᠦᠭᠴᠡᠢ᠃ | ᠨᠣᠮ ᠳᠤ ᠵᠡᠭᠦᠳᠦ ᠪᠠᠨ ᠡᠷᠢᠬᠦ ᠨᠢ ᠣᠶᠤᠨ ᠤᠬᠠᠭᠠᠨ ᠤ ᠳᠠᠯᠠᠢ ᠳᠤ ᠰᠣᠭᠲᠣᠭᠤᠷᠠᠨ᠎ᠠ | ᠵᠠᠯᠭᠠᠭᠠᠳ ᠬᠠᠮᠲᠤ ᠪᠠᠷ ᠤᠩᠰᠢᠬᠤ ᠭᠤᠭᠴᠤᠭ᠎ᠠ ᠳᠤ ᠣᠷᠣᠵᠤ᠂ ᠣᠯᠠᠨ ᠢᠶᠠᠷ ᠢᠶᠠᠨ ᠬᠡᠳᠦᠨ ᠳᠤᠭᠤᠶᠢᠯᠠᠩ ᠪᠣᠯᠤᠨ | ᠬᠤᠪᠢᠶᠠᠭᠳᠠᠵᠤ᠂ ᠳᠤᠭᠤᠶᠢᠯᠠᠩ ᠪᠦᠷᠢ ᠣᠨᠴᠠ ᠲᠣᠭᠲᠠᠭᠰᠠᠨ ᠪᠦᠯᠦᠭ ᠤᠩᠰᠢᠯᠭ᠎ᠠ ᠶᠢᠨ ᠬᠦᠷᠢᠶ᠎ᠡ ᠬᠡᠪᠴᠢᠶ᠎ᠡ ᠶᠢ | ᠲᠠᠨᠢᠵᠤ ᠠᠪᠤᠪᠠ᠃ ᠶᠠᠪᠤᠴᠠ ᠳᠤᠮᠳᠠ᠂ ᠬᠥᠮᠦᠨ ᠪᠣᠯᠭᠠᠨ ᠪᠦᠷ ᠦᠰᠦᠭ ᠪᠢᠴᠢᠭ ᠲᠤ ᠰᠣᠭᠲᠣᠭᠤᠷᠠᠵᠤ᠂ ᠨᠠᠮ ᠵᠢᠮ | ᠤᠩᠰᠢᠵᠤ ᠰᠡᠳᠬᠢᠨ᠎ᠡ᠃ ᠬᠠᠮᠲᠤ ᠪᠠᠷ ᠤᠩᠰᠢᠭᠰᠠᠨ ᠣᠬᠤᠷᠬᠠᠨ ᠴᠠᠭ ᠨᠢ ᠨᠣᠮ ᠤᠨ ᠨᠠᠶᠢᠵᠠ ᠨᠠᠷ ᠢ ᠦᠰᠦᠭ | ᠪᠢᠴᠢᠭ ᠤᠨ ᠭᠦᠨ ᠳᠤ ᠭᠦᠨ ᠳᠠᠯᠳᠠᠯᠠᠭᠤᠯᠵᠤ᠂ ᠡᠷᠡᠯᠬᠡᠭ ᠪᠠᠷᠲᠠᠭ᠎ᠠ ᠰᠢᠨᠵᠢᠯᠡᠭᠴᠢ ᠡᠷᠳᠡᠨᠢᠰ ᠢ ᠠᠭᠤᠲᠠᠯᠠᠬᠤ ᠰᠢᠭ᠋᠂ | ᠲᠡᠭᠦᠨ ᠤ ᠭᠦᠨ ᠤᠳᠬ᠎ᠠ ᠶᠢ ᠨᠠᠷᠢᠨ ᠠᠮᠲᠠᠯᠠᠵᠤ᠂ ᠨᠣᠮ ᠳᠤ ᠨᠢᠭᠤᠭᠳᠠᠵᠤ ᠪᠠᠶᠢᠭ᠎ᠠ ᠭᠠᠶᠢᠬᠠᠮᠰᠢᠭᠲᠤ ᠶᠢᠷᠲᠢᠨᠴᠦ ᠶᠢ | ᠬᠠᠶᠢᠨ ᠰᠢᠨᠵᠢᠯᠡᠵᠦ ᠪᠠᠶᠢᠭ᠎ᠠ᠃ | ᠣᠶᠤᠨ ᠤᠬᠠᠭᠠᠨ ᠤ ᠮᠥᠷᠭᠦᠯᠳᠦᠯ ᠨᠢ ᠣᠶᠤᠨ ᠰᠠᠨᠠᠭᠠᠨ ᠤ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ | ᠬᠠᠮᠲᠤ ᠪᠠᠷ ᠤᠩᠰᠢᠭᠰᠠᠨ ᠤ ᠳᠠᠷᠠᠭᠠᠬᠢ ᠬᠤᠪᠢᠶᠠᠯᠴᠠᠬᠤ ᠭᠤᠭᠴᠤᠭ᠎ᠠ ᠨᠢ ᠡᠨᠡ ᠤᠳᠠᠭᠠᠨ ᠤ ᠤᠩᠰᠢᠯᠭ᠎ᠠ ᠶᠢ | ᠣᠷᠭᠢᠯ ᠳᠤ ᠬᠦᠷᠭᠡᠪᠡ᠃ ᠡᠩ ᠲᠡᠷᠢᠭᠦᠨ ᠳᠤ ᠢᠵᠢᠯᠢ ᠲᠠᠢ ᠪᠠᠨ ᠬᠤᠪᠢᠶᠠᠯᠴᠠᠨ᠎ᠠ᠂ ᠳᠠᠷᠤᠶ ᠠᠳᠠᠯᠢᠬᠠᠨ ᠪᠦᠯᠦᠭ ᠢ | ᠤᠩᠰᠢᠭᠰᠠᠨ ᠣᠷᠣᠯᠴᠠᠭᠴᠢ ᠥᠪᠡᠷ ᠤᠨ ᠣᠯᠵᠤ ᠦᠵᠡᠭᠰᠡᠨ ᠠᠭᠤᠯᠭ᠎ᠠ ᠪᠠᠨ ᠬᠤᠪᠢᠶᠠᠯᠴᠠᠨ᠎ᠠ᠃ ᠡᠨᠡ ᠬᠦ | ᠭᠤᠭᠴᠤᠭ᠎ᠠ ᠨᠢ ᠭᠡᠨᠡᠳᠲᠡ ᠶᠢᠨ ᠪᠠᠶᠠᠷ ᠪᠠ ᠴᠤᠤᠷᠢᠶ᠎ᠠ ᠪᠠᠷ ᠳᠦᠭᠦᠷᠴᠦ᠂ ᠠᠳᠠᠯᠢ ᠪᠤᠰᠤ ᠨᠣᠮ ᠤᠨ ᠨᠠᠶᠢᠵᠠ ᠨᠠᠷ | ᠠᠳᠠᠯᠢ ᠨᠢᠭᠡ ᠪᠦᠯᠦᠭ ᠲᠤ ᠠᠳᠠᠯᠢ ᠪᠤᠰᠤ ᠣᠶᠢᠯᠠᠭᠠᠯᠲᠠ ᠪᠠ ᠤᠬᠠᠭᠠᠷᠠᠯ ᠲᠠᠢ ᠪᠠᠶᠢᠳᠠᠭ ᠪᠣᠯᠪᠠᠴᠤ ᠵᠠᠷᠢᠮ | ᠦᠵᠡᠯᠲᠡ ᠶᠢᠨ ᠲᠠᠯ᠎ᠠ ᠪᠠᠷ ᠬᠠᠷᠢᠨ ᠰᠠᠨᠠᠭ᠎ᠠ ᠨᠢᠭᠡᠳᠬᠦ ᠪᠠᠶᠢᠳᠠᠭ᠃ | ᠢᠵᠢᠯᠢ ᠬᠤᠪᠢᠶᠠᠯᠴᠠᠭᠰᠠᠨ ᠤ ᠳᠠᠷᠠᠭ᠎ᠠ ᠳᠤᠭᠤᠶᠢᠯᠠᠩ ᠤᠨ ᠳᠣᠲᠣᠷ᠎ᠠ ᠪᠠᠨ ᠬᠤᠪᠢᠶᠠᠯᠴᠠᠵᠤ᠂ ᠠᠳᠠᠯᠢ ᠪᠤᠰᠤ | ᠪᠦᠯᠦᠭ ᠢ ᠤᠩᠰᠢᠭᠰᠠᠨ ᠣᠷᠣᠯᠴᠠᠭᠴᠢᠳ ᠦᠪᠡᠷ ᠦᠪᠡᠷ ᠤᠨ ᠣᠯᠤᠯᠲᠠ ᠪᠠᠨ ᠬᠤᠪᠢᠶᠠᠯᠴᠠᠨ᠎ᠠ᠃ ᠡᠨᠡ ᠬᠦ | ᠭᠤᠭᠴᠤᠭ᠎ᠠ ᠨᠢ ᠬᠤᠪᠢᠶᠠᠯᠴᠠᠬᠤ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠥᠷᠭᠡᠳᠬᠡᠵᠦ᠂ ᠡᠯ᠎ᠡ | ᠳᠤᠭᠤᠶᠢᠯᠠᠩ ᠤᠨ ᠳᠣᠲᠣᠷᠠᠬᠢ ᠠᠳᠠᠯᠢ ᠪᠤᠰᠤ ᠪᠦᠯᠦᠭ ᠤᠨ ᠬᠤᠪᠢᠶᠠᠯᠴᠠᠬᠤ ᠠᠭᠤᠯᠭ᠎ᠠ ᠨᠢ ᠬᠠᠷᠢᠯᠴᠠᠨ ᠰᠣᠯᠪᠢᠴᠠᠵᠤ᠂ | ᠶᠠᠭ ᠵᠢᠷᠤᠭ ᠨᠡᠶᠢᠯᠡᠭᠦᠯᠦᠭᠰᠡᠨ ᠬᠡᠮᠬᠡᠳᠡᠭ ᠠᠭᠠᠵᠢᠮ ᠢᠶᠠᠷ ᠨᠢᠭᠡᠨ ᠪᠦᠷᠢᠨ ᠪᠦᠲᠦᠨ ᠵᠢᠷᠤᠭ ᠪᠣᠯᠤᠨ ᠪᠦᠷᠢᠯᠳᠦᠵᠡᠶ᠃ | ᠡᠨᠡ ᠦᠶ᠎ᠡ ᠳᠤ᠂ ᠨᠣᠮ ᠤᠩᠰᠢᠬᠤ ᠬᠤᠷᠠᠯ ᠤᠨ ᠬᠥᠮᠦᠨ ᠨᠢᠭᠡᠪᠦᠷᠢ ᠴᠥᠮ ᠡᠷᠳᠡᠮ ᠮᠡᠳᠡᠯᠭᠡ ᠶᠢ ᠤᠯᠠᠮᠵᠢᠯᠠᠨ | ᠲᠠᠷᠬᠠᠭᠠᠭᠴᠢ ᠪᠠ ᠬᠤᠪᠢᠶᠠᠯᠴᠠᠭᠴᠢ ᠪᠣᠯᠵᠣ᠂ ᠦᠵᠡᠯ ᠰᠠᠨᠠᠭ᠎ᠠ ᠨᠢ ᠬᠠᠷᠢᠯᠴᠠᠨ ᠮᠥᠷᠭᠦᠯᠳᠦᠨ ᠠᠭᠤᠰᠤᠯᠴᠠᠵᠤ᠂ | ᠭᠦᠨ ᠭᠦᠨᠵᠡᠭᠡᠶ ᠦᠵᠡᠯᠲᠡ᠂ ᠭᠠᠶᠢᠬᠠᠮᠰᠢᠭᠲᠠᠶ ᠲᠥᠷᠥᠭᠳᠡᠯ ᠤᠳ ᠨᠢ ᠶᠠᠭ ᠯᠠ ᠨᠢᠭᠡ ᠥᠩᠭᠡ ᠢᠯᠭᠠᠷᠠᠭᠰᠠᠨ ᠣᠴᠢ | ᠮᠡᠲᠦ ᠪᠣᠳᠠᠭᠠᠯᠢ ᠪᠡᠶ᠎ᠡ ᠶᠢᠨ ᠰᠡᠳᠬᠢᠬᠦᠶ ᠶᠢ ᠲᠠᠰᠤᠷᠠᠯᠲᠠ ᠥᠬᠡᠶ ᠬᠥᠭᠵᠢᠭᠡᠵᠦ᠂ ᠬᠠᠮᠲᠤ ᠨᠡᠶᠢᠲᠡ ᠶᠢᠨ ᠣᠶᠤᠨ | ᠤᠬᠠᠭᠠᠨ ᠢ ᠨᠢᠭᠲᠠᠷᠠᠭᠤᠯᠳᠠᠭ ᠪᠠᠶᠢᠨ᠎ᠠ᠃ ᠤᠯᠠᠨ ᠢᠶᠠᠷ ᠢᠶᠠᠨ ᠤᠶᠤᠨ ᠤᠬᠠᠭᠠᠨ ᠤ ᠳᠠᠯᠠᠢ ᠲᠠᠩᠭᠢᠰ ᠤᠨ ᠳᠤᠮᠳᠠ | ᠤᠷᠤᠰᠬᠠᠯ ᠰᠢᠭ᠋ ᠢᠶᠠᠷ᠂《 ᠦᠢᠯᠡ ᠠᠵᠢᠯᠯᠠᠭ᠎ᠠ ᠶᠢ ᠲᠦᠰᠦᠪᠯᠡᠬᠦ ᠤᠬᠠᠭᠠᠨ : ᠤᠷᠬᠢᠯ ᠬᠡᠮᠵᠢᠭᠳᠡᠯ ᠤᠨ ᠪᠡᠶᠡᠴᠢ | ᠣᠶᠢᠯᠠᠭᠠᠯᠲᠠ ᠶᠢ ᠪᠦᠲᠦᠭᠡᠬᠦ 》 ᠳᠤ ᠨᠡᠩ ᠪᠦᠬᠦ ᠲᠠᠯ᠎ᠠ ᠶᠢᠨ᠂ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ | 《 ᠨᠣᠮ ᠪᠢᠴᠢᠭ ᠢᠶᠠᠷ ᠬᠠᠨᠢ ᠪᠣᠯᠭᠠᠵᠤ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠨᠣᠮ ᠰᠤᠳᠤᠷ ᠢ | ᠬᠠᠮᠲᠤ ᠪᠠᠷ ᠬᠦᠷᠳᠡᠵᠤ᠂ ᠠᠯᠤᠰ ᠢ ᠵᠣᠷᠢᠨ᠎ᠠ ᠃ 》ᠲᠤᠰ ᠤᠳᠠᠭ᠎ᠠ ᠶᠢᠨ ᠨᠣᠮ ᠤᠩᠰᠢᠵᠤ ᠬᠤᠪᠢᠶᠠᠯᠴᠠᠬᠤ | ᠬᠤᠷᠠᠯ ᠢ ᠡᠷᠬᠢᠯᠡᠭᠰᠡᠨ ᠨᠢ ᠵᠢᠤ ᠶᠤᠸᠠᠨ ᠲᠣᠭᠤᠷᠢᠭ ᠤᠨ ᠵᠠᠯᠠᠭᠤᠴᠤᠳ ᠤᠨ ᠤᠩᠰᠢᠯᠭ᠎ᠠ ᠳᠤ ᠪᠠᠭ᠋ᠠᠲᠠᠢ ᠬᠥᠮᠦᠰ ᠲᠤ | ᠰᠣᠶᠣᠯ ᠤᠨ ᠰᠣᠯᠢᠯᠴᠠᠭᠠᠨ ᠤ ᠪᠠᠲᠤ ᠪᠠᠬᠢ ᠬᠥᠭᠦᠷᠭᠡ ᠶᠢ ᠪᠠᠶᠢᠭᠤᠯᠵᠤ᠂ ᠨᠣᠮ ᠤᠩᠰᠢᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ᠃ ᠰᠣᠶᠣᠯ ᠢᠶᠠᠷ ᠬᠥᠮᠦᠨ ᠢ ᠤᠬᠠᠭᠠᠷᠠᠭᠤᠯᠵᠤ᠂ ᠨᠣᠮ ᠢᠶᠠᠷ ᠰᠡᠳᠬᠢᠯ ᠢ ᠤᠮᠳᠠᠯᠠᠬᠤ ᠨᠢ | ᠵᠠᠯᠠᠭᠤᠴᠤᠳ ᠤᠨ ᠤᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ | ᠲᠡᠳᠡᠨ ᠤ ᠮᠡᠳᠡᠯᠭᠡ ᠬᠥᠭᠡᠭᠡᠴᠡᠯᠳᠦᠬᠦ ᠪᠠ ᠬᠠᠶᠢᠷᠠᠯᠠᠬᠤ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ | ᠳᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠦᠵᠡᠯ ᠰᠠᠨᠠᠭ᠎ᠠ ᠪᠠᠷ ᠬᠦᠳᠦᠯᠥᠨ | ᠳᠠᠭᠠᠭᠤᠯᠬᠤ᠂ ᠲᠠᠪᠴᠠᠩ ᠪᠠᠶᠢᠭᠤᠯᠬᠤ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠡᠪᠯᠡᠯ ᠤᠨ ᠬᠠᠷᠢᠶᠠᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠠᠨ ᠲᠠᠯ᠎ᠠ ᠶᠢᠨ ᠬᠦᠴᠦᠨ ᠲᠠᠢ | ᠬᠤᠯᠪᠣᠭᠠᠯᠠᠵᠤ᠂ ᠵᠢᠤ ᠶᠤᠸᠠᠨ ᠲᠣᠭᠤᠷᠢᠭ ᠤᠨ ᠵᠠᠯᠠᠭᠤᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠦᠢᠯᠡᠳᠦᠯᠭᠡ ᠶᠢᠨ ᠠᠴᠢᠶᠠᠯᠠᠪᠤᠷᠢ ᠶᠢ ᠴᠢᠨᠠᠭᠰᠢᠳᠠ ᠪᠠᠶᠠᠯᠢᠭᠵᠢᠭᠤᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ᠬᠦᠳᠦᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠪᠣᠯᠤᠨ ᠶᠡᠭᠡ | ᠲᠠᠯ᠎ᠠ ᠳᠤ ᠬᠤᠪᠢ ᠨᠡᠮᠡᠷᠢ ᠦᠵᠡᠭᠦᠯᠬᠦ ᠡᠷᠴᠢᠮ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ | | | | | | |