ᠬᠠᠤᠯᠢ ᠠᠴᠠ ᠵᠥᠷᠢᠴᠡᠭᠰᠡᠨ ᠬᠠᠪᠤᠷ ᠤᠨ ᠲᠠᠷᠢᠶᠠᠯᠠᠭ᠎ᠠ ᠶᠢᠨ ᠰᠠᠮᠠᠭᠤᠨ ᠦᠵᠡᠭᠳᠡᠯ ᠪᠠᠶᠢᠨ ᠳᠠᠬᠢᠨ ᠭᠠᠷᠴᠤ᠂ ᠲᠤᠬᠠᠢ ᠶᠢᠨ ᠭᠠᠵᠠᠷ ᠲᠤᠨᠢ ᠬᠤᠷᠢᠭᠯᠠᠵᠤ ᠶᠡᠭᠡ ᠪᠠᠷ ᠤᠬᠠᠭᠤᠯᠪᠠ
ᠨᠡᠶᠢᠲᠡᠯᠡᠭᠰᠡᠨ ᠴᠠᠭ᠄
2025/5/16
    ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠢᠨᠠᠨ ᠬᠠᠮᠢᠶᠠᠷᠬᠤ ᠶᠢ ᠦᠨᠡᠨᠬᠦ ᠴᠢᠩᠭᠠᠳᠬᠠᠬᠤ ᠶᠢᠨ ᠲᠦᠯᠦᠭᠡ᠂ ᠵᠢᠦ ᠶᠤᠸᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ》 ᠤᠨ ᠱᠠᠭᠠᠷᠳᠠᠯᠭ᠎ᠠ ᠶᠣᠰᠣᠭᠠᠷ᠂ ᠨᠤᠭᠤ ᠭᠠᠵᠠᠷ ᠵᠡᠷᠭᠡ ᠬᠡᠪᠴᠢᠶᠡᠨ ᠳᠤ ᠠᠲᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶᠢᠷ᠎ᠠ ᠶᠢᠨ ᠬᠤᠭᠤᠴᠠᠭᠠᠨ ᠳᠤ ᠨᠤᠭᠤ ᠭᠠᠵᠠᠷ ᠢ ᠲᠣᠭᠤᠷᠢᠨ ᠬᠠᠮᠠᠭᠠᠯᠠᠬᠤ ᠪᠠᠨ ᠴᠢᠩᠭᠠᠳᠬᠠᠵᠤ᠂ ᠪᠤᠭᠤᠲᠤ ᠶᠢᠨ ᠨᠤᠭᠤ ᠭᠠᠵᠠᠷ ᠤᠨ ᠴᠡᠴᠡᠷᠯᠢᠭ ᠤᠨ ᠪᠠᠭ᠎ᠠ ᠴᠠᠭᠠᠨ ᠭᠤᠤᠯ ᠤᠨ ᠵᠠᠯᠭᠠᠯᠳᠤᠭᠰᠠᠨ ᠣᠷᠣᠨ ᠳᠤ ᠬᠠᠤᠯᠢ ᠠᠴᠠ ᠵᠥᠷᠢᠴᠡᠭᠰᠡᠨ ᠬᠤᠶᠠᠷ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠪᠠᠶᠢᠬᠤ ᠶᠢ ᠣᠯᠵᠤ ᠮᠡᠳᠡᠪᠡ᠃
11.jpg
    ᠮᠠᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠠᠷᠠᠭᠤᠯ ᠬᠡᠷᠡᠭ ᠡᠷᠬᠢᠯᠡᠬᠦ ᠭᠠᠵᠠᠷ ᠤᠨ ᠭᠤᠤᠯ ᠤᠳᠤᠷᠢᠳᠤᠯᠭ᠎ᠠ ᠵᠢᠴᠢ ᠠᠵᠢᠯᠲᠠᠳ ᠲᠠᠢ ᠬᠠᠮᠲᠤᠷᠠᠨ ᠤᠴᠢᠷ ᠶᠠᠪᠤᠳᠠᠯ ᠳᠤ ᠬᠤᠯᠪᠣᠭᠳᠠᠭᠰᠠᠨ ᠲᠤᠬᠠᠶ ᠶᠢᠨ ᠭᠠᠵᠠᠷ ᠲᠤ ᠬᠦᠷᠴᠦ᠂ ᠲᠠᠷᠢᠶᠠᠯᠠᠬᠤ ᠲᠠᠷᠢᠶᠠᠴᠢᠨ ᠬᠤᠤ ᠵᠢᠶᠠᠨ ᠵᠢᠶᠦ᠋ᠨ ᠵᠢᠴᠢ ᠱᠧᠩ ᠯᠦ ᠶᠤᠸᠠᠨ ᠠᠴᠠ ᠡᠮᠦᠨᠡᠰᠢᠬᠢ ᠬᠠᠤᠯᠢ ᠶᠢ ᠵᠥᠷᠢᠴᠡᠨ ᠲᠠᠷᠢᠶᠠᠯᠠᠬᠤ ᠬᠥᠮᠦᠰ ᠢ ᠢᠳᠬᠠᠨ ᠬᠤᠷᠢᠭᠯᠠᠭᠰᠠᠨ ᠪᠥᠭᠡᠳ ᠲᠤᠬᠠᠶ ᠶᠢᠨ ᠭᠠᠵᠠᠷ ᠤᠨ ᠮᠠᠰᠢ ᠣᠯᠠᠨ ᠲᠣᠰᠬᠤᠨ ᠤ ᠠᠷᠠᠳ ᠲᠠᠢ ᠬᠠᠷᠢᠯᠴᠠᠵᠤ《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ 》ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠪᠠ᠃ ᠮᠠᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠪᠤᠭᠤᠲᠤ ᠬᠤᠲᠠ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠪᠠᠭ᠎ᠠ ᠴᠠᠭᠠᠨ ᠭᠤᠤᠯ ᠤᠨ ᠵᠠᠯᠭᠠᠯᠳᠤᠭᠰᠠᠨ ᠲᠣᠭᠤᠷᠢᠭ ᠨᠢ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ ᠪᠠᠶᠢᠵᠤ᠂ ᠳᠡᠭᠡᠳᠦ ᠱᠠᠲᠤᠨ ᠤ ᠬᠢᠨᠠᠨ ᠬᠠᠮᠢᠶᠠᠷᠬᠤ ᠭᠤᠤᠯᠳᠠᠯᠭ᠎ᠠ ᠲᠠᠢ ᠣᠷᠣᠨ ᠪᠦᠰᠡ ᠪᠣᠯᠤᠨ᠎ᠠ᠃《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ 》 ᠶᠢᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠨᠤᠭᠤ ᠭᠠᠵᠠᠷ ᠢ ᠬᠠᠭᠠᠯᠪᠤᠷᠢᠯᠠᠬᠤ ᠦᠢᠯᠡ ᠠᠵᠢᠯᠯᠠᠭ᠎ᠠ ᠶᠢ ᠴᠠᠭᠠᠵᠠᠯᠠᠨ᠎ᠠ᠂ ᠡᠰᠡ ᠲᠡᠭᠡᠪᠡᠯ ᠲᠣᠰ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠬᠡᠨ᠎ᠡ᠃    ᠬᠤᠶᠢᠰᠢᠳᠠ ᠶᠢᠨ ᠠᠵᠢᠯ ᠤᠨ ᠳᠤᠮᠳᠠ ᠮᠠᠨ ᠤ ᠲᠣᠪᠴᠢᠶ᠎ᠠ ᠨᠤᠭᠤ ᠭᠠᠵᠠᠷ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠨᠠᠩ ᠣᠯᠠᠨ ᠲᠣᠰᠬᠤᠨ ᠤ ᠠᠷᠠᠳ ᠢ ᠨᠤᠭᠤ ᠭᠠᠵᠠᠷ ᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠬᠦ ᠪᠣᠯᠤᠨ᠎ᠠ︔ ᠡᠭᠦᠨ ᠤ ᠬᠠᠮᠲᠤ ᠨᠤᠭᠤ ᠭᠠᠵᠠᠷ ᠢ ᠲᠣᠭᠤᠷᠢᠨ ᠬᠠᠮᠠᠭᠠᠯᠠᠵᠤ ᠴᠠᠭᠳᠠᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠲᠠᠷᠤᠢ ᠳᠤᠨᠢ ᠣᠯᠵᠤ ᠮᠡᠳᠡᠬᠦ ᠶᠢᠨ ᠬᠠᠮᠲᠤ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ᠃ ᠬᠡᠷᠪᠡ ᠣᠯᠠᠨ ᠤᠳᠠᠭ᠎ᠠ ᠢᠳᠬᠠᠨ ᠬᠤᠷᠢᠭᠯᠠᠭᠠᠳ ᠲᠤᠰᠠ ᠭᠠᠷᠤᠭᠰᠠᠨ ᠥᠬᠡᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠲᠠᠢ ᠨᠡᠶᠢᠯᠡᠭᠦᠯᠦᠨ ᠬᠠᠮᠲᠤᠷᠠᠬᠤ ᠠᠵᠢᠯᠯᠠᠭ᠎ᠠ ᠦᠷᠨᠢᠭᠦᠯᠵᠦ᠂ ᠲᠡᠭᠦᠨ ᠢ ᠬᠠᠤᠯᠢ ᠶᠣᠰᠣᠭᠠᠷ ᠰᠢᠢᠳᠪᠦᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号