《 ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠷᠢᠳᠴᠢᠯᠠᠨ ᠰᠡᠷᠭᠡᠶᠢᠯᠡᠬᠦ ᠬᠡᠷᠡᠭᠲᠡᠶ》 —— ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠴᠥᠮ᠎ᠡ ᠪᠠ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/16
    ᠴᠥᠮ᠎ᠡ ᠪᠠ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠨᠬᠦ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠪᠤᠭᠤᠲᠤ ᠶᠢᠨ ᠸᠧᠨ ᡁᠢ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ ᠵᠡᠷᠭᠡ 5 ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠢ ᠳᠤ ᠰᠠᠴᠤᠷᠠᠭ ᠤᠨ ᠠᠮᠤᠷ ᠲᠦᠪᠰᠢᠨ ᠤ ᠬᠡᠮ ᠰᠣᠭᠤᠭ ᠢ ᠲᠤᠬᠠᠶ ᠶᠢᠨ ᠭᠠᠵᠠᠷ ᠲᠤᠨᠢ ᠵᠢᠭᠰᠠᠭᠠᠨ ᠪᠠᠶᠢᠴᠠᠭᠠᠪᠠ᠃    ᠲᠣᠰ ᠤᠳᠠᠭᠠᠨ ᠤ ᠪᠠᠶᠢᠴᠠᠭᠠᠯᠲᠠ ᠨᠢ ᠭᠤᠷᠪᠠᠨ ᠲᠠᠯ᠎ᠠ ᠶᠢᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ : ᠨᠢᠭᠡ ᠳᠤ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠢ ᠶᠢᠨ ᠰᠠᠴᠤᠷᠠᠭ ᠤᠨ ᠠᠮᠤᠷ ᠲᠦᠪᠰᠢᠨ ᠪᠠ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠢᠮ᠂ ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠲᠥᠰᠦᠯ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ᠂ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠵᠡᠷᠭᠡ ᠪᠢᠴᠢᠭ ᠮᠠᠲ᠋ᠧᠷᠢᠶᠠᠯ ᠤᠨ ᠪᠦᠷᠢᠨ ᠲᠡᠭᠦᠯᠳᠡᠷ ᠴᠢᠨᠠᠷ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠶᠠᠷ ᠲᠤ ᠰᠠᠴᠤᠷᠠᠭ ᠤᠨ ᠠᠵᠢᠯᠲᠠᠨ ᠤ ᠬᠤᠪᠢ ᠬᠥᠮᠦᠨ ᠤ ᠡᠮ ᠤᠨ ᠬᠡᠮᠵᠢᠶ᠎ᠡ ᠶᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠮᠡᠳᠡᠭᠦᠯᠦᠯᠲᠡ᠂ ᠪᠤᠯᠪᠠᠰᠤᠷᠠᠯ ᠪᠠ ᠬᠢᠨᠠᠨ ᠰᠢᠯᠭᠠᠯᠲᠠ ᠶᠢᠨ ᠲᠠᠩᠰᠠ ᠡᠪᠬᠡᠮᠡᠯ ᠤᠨ ᠪᠦᠷᠢᠨ ᠪᠦᠲᠦᠨ ᠴᠢᠨᠠᠷ ᠪᠠ ᠵᠢᠷᠤᠮᠵᠢᠯᠳᠤ ᠴᠢᠨᠠᠷ︔ ᠭᠤᠷᠪᠠ ᠳᠤ ᠠᠵᠢᠯᠯᠠᠬᠤ ᠲᠠᠯᠠᠪᠤᠷ ᠤᠨ ᠬᠠᠯᠬᠠᠯᠠᠬᠤ ᠬᠡᠷᠡᠮ᠂ ᠰᠡᠷᠡᠮᠵᠢᠯᠡᠭᠦᠯᠬᠦ ᠲᠡᠮᠳᠡᠭ᠂ ᠬᠤᠯᠪᠣᠯᠳᠤᠨ ᠣᠨᠢᠰᠤᠯᠠᠬᠤ ᠲᠥᠬᠦᠭᠡᠷᠦᠮᠵᠢ ᠵᠡᠷᠭᠡ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠴᠢᠨᠠᠷ ᠵᠢᠴᠢ ᠪᠠᠷᠢᠮᠵᠢᠶ᠎ᠠ ᠳᠤ ᠨᠡᠶᠢᠴᠡᠬᠦ ᠴᠢᠨᠠᠷ ᠪᠣᠯᠤᠨ᠎ᠠ᠃ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠵᠢᠯᠯᠠᠬᠤ ᠲᠠᠯᠠᠪᠤᠷ ᠭᠠᠵᠠᠷ ᠤᠨ ᠰᠡᠷᠡᠮᠵᠢ ᠶᠢᠨ ᠲᠡᠮᠳᠡᠭ ᠨᠢ ᠪᠠᠯᠠᠷᠬᠠᠶ᠂ ᠠᠮᠤᠷ ᠲᠦᠪᠰᠢᠨ ᠤ ᠬᠤᠯᠪᠣᠯᠳᠤᠨ ᠣᠨᠢᠰᠤᠯᠠᠬᠤ ᠲᠣᠨᠣᠭᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠵᠤ ᠪᠠᠶᠢᠴᠠᠭᠠᠨ ᠬᠡᠮᠵᠢᠭᠰᠡᠨ ᠥᠬᠡᠶ᠂ ᠬᠡᠰᠡᠭ ᠰᠠᠴᠤᠷᠠᠯᠲᠠ ᠶᠢᠨ ᠠᠵᠢᠯᠲᠠᠨ ᠤ ᠬᠤᠪᠢ ᠬᠥᠮᠦᠨ ᠤ ᠡᠮ ᠤᠨ ᠬᠡᠮᠵᠢᠶ᠎ᠡ ᠶᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠴᠠᠭ ᠲᠤᠬᠠᠶ ᠳᠤᠨᠢ ᠲᠠᠩᠰᠠ ᠡᠪᠬᠡᠮᠡᠯ ᠳᠤ ᠣᠷᠣᠭᠤᠯᠤᠭᠰᠠᠨ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠡᠷᠡ ᠳᠤᠤᠷ᠎ᠠ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠤᠭᠰᠠᠨ ᠤ ᠬᠠᠮᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠮᠥᠷᠳᠡᠨ ᠬᠢᠨᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠲᠣᠳᠣᠷᠬᠠᠶᠢᠯᠠᠪᠠ᠃
11.jpg
    ᠲᠤᠰᠬᠠᠶ ᠠᠵᠢᠯᠯᠠᠭ᠎ᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ ᠲᠠᠩᠰᠠ ᠡᠪᠬᠡᠮᠡᠯ ᠪᠠᠶᠢᠭᠤᠯᠤᠨ ᠪᠦᠷᠢᠨᠰᠢᠭᠰᠡᠨ ᠥᠬᠡᠶ᠂ ᠢᠯᠭᠠᠬᠤ ᠫᠠᠶᠢᠰᠠ ᠶᠢᠨ ᠪᠠᠶᠢᠷᠢᠯᠠᠭᠤᠯᠤᠯᠲᠠ ᠨᠢ ᠵᠢᠷᠤᠮᠵᠢᠯ ᠦᠭᠡᠢ ᠵᠡᠷᠭᠡ ᠨᠡᠶᠢᠲᠡᠯᠢᠭ ᠴᠢᠨᠠᠷᠲᠠᠶ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠢᠯᠣᠭᠤᠳᠤᠨ ᠬᠠᠪᠰᠤᠷᠤᠨ ᠲᠡᠳᠬᠦᠵᠦ᠂ ᠪᠠᠶᠢᠴᠠᠭᠠᠭᠳᠠᠭᠰᠠᠨ ᠨᠢᠭᠡᠴᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠲᠥᠰᠦᠯ ᠢ ᠳᠠᠷᠤᠢ ᠳᠤᠨᠢ ᠲᠣᠭᠲᠠᠭᠠᠯᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠬᠢᠭᠡᠳ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃    ᠲᠠᠷᠠᠭᠠᠴᠢ ᠪᠠᠷ᠂ ᠵᠢᠦ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠤᠰᠬᠠᠶ ᠪᠠᠶᠢᠴᠠᠭᠠᠯᠲᠠ ᠥᠷᠨᠢᠭᠦᠯᠬᠦ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠵᠡᠷᠭᠡ ᠣᠯᠠᠨ ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠢ ᠶᠢᠨ ᠠᠮᠤᠷ ᠲᠦᠪᠰᠢᠨ ᠤ ᠤᠬᠠᠮᠰᠠᠷ ᠬᠢᠭᠡᠳ ᠬᠠᠮᠢᠶᠠᠷᠤᠯᠲᠠ ᠶᠢᠨ ᠬᠢᠷᠢ ᠲᠦᠪᠰᠢᠨ ᠤ ᠬᠤᠤᠰ ᠳᠡᠭᠡᠭᠰᠢᠯᠡᠯᠲᠡ ᠶᠢ ᠠᠬᠢᠭᠤᠯᠵᠤ᠂ ᠬᠠᠷᠢᠶᠠᠲᠤ ᠣᠷᠣᠨ ᠤ ᠴᠥᠮ᠎ᠡ ᠬᠢᠭᠡᠳ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号