ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ (ᠥᠷᠭᠡᠳᠬᠡᠭᠰᠡᠨ ) ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/19
    5 ᠰᠠᠷ᠎ᠠ ᠶᠢᠨ 15  ᠤ ᠡᠳᠦᠷ᠂ ᠵᠢᠤ ᠶᠤᠸᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ( ᠥᠷᠭᠡᠳᠬᠡᠭᠰᠡᠨ ) ᠶᠢᠨ ᠬᠤᠷᠠᠯ ᠬᠤᠷᠠᠯᠳᠤᠵᠤ᠂ ᠰᠤᠷᠤᠯᠴᠠᠯᠭ᠎ᠠ ᠶᠢᠨ ᠬᠤᠷᠠᠯ ᠨᠢ《 ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ 》 ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᠯᠸᠢ ᠬᠤᠷᠠᠯ ᠢ ᠡᠷᠭᠢᠯᠡᠪᠡ᠃    ᠰᠤᠷᠤᠯᠴᠠᠯᠭ᠎ᠠ ᠶᠢᠨ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠯᠧᠺᠲ᠋ᠣᠷ ᠵᠢᠶᠠᠩ ᠮᠢᠨ ᠢ ᠤᠷᠢᠵᠤ《 ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ》ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠵᠢᠶᠠᠩ ᠮᠢᠨ ᠬᠠᠮᠤᠭ ᠤᠨ ᠰᠢᠨ᠎ᠡ ᠳᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠳᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ᠂ ᠭᠤᠣᠯᠯᠠᠭᠴᠢ ᠵᠣᠷᠢᠭ ᠰᠠᠨᠠᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠤᠯᠠᠨ ᠲᠠᠯ᠎ᠠ ᠠᠴᠠ ᠪᠦᠬᠦ ᠲᠠᠯ᠎ᠠ ᠶᠢᠨ ᠭᠦᠨᠵᠡᠭᠡᠢ ᠲᠠᠶᠢᠯᠤᠮᠵᠢ ᠬᠢᠵᠦ᠂ ᠦᠵᠡᠯᠲᠡ ᠨᠢ ᠢᠯᠡ ᠲᠣᠳᠣ᠂ ᠬᠠᠷᠠᠭ᠎ᠠ ᠨᠢ ᠥᠷᠭᠡᠨ ᠪᠠᠶᠢᠵᠤ᠂ ᠤᠨᠤᠯ ᠤᠨ ᠦᠨᠳᠦᠷᠴᠡ ᠲᠠᠢ ᠮᠥᠷᠲᠡᠭᠡᠨ ᠪᠠᠰᠠ ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠢ ᠨᠡᠩ ᠲᠣᠳᠣᠷᠬᠠᠢ ᠲᠠᠨᠢᠯᠲᠠ ᠲᠠᠢ ᠪᠤᠯᠵᠤ᠂ ᠪᠠᠰᠠ ᠠᠮᠤᠷ ᠲᠦᠪᠰᠢᠨ ᠤ ᠬᠠᠷᠢᠭᠤᠴᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠨᠡᠩ ᠲᠣᠳᠣᠷᠬᠠᠢ ᠴᠢᠭᠯᠡᠯ ᠲᠠᠢ ᠪᠣᠯᠵᠠᠢ᠃    ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠪᠠ᠃ ᠢᠷᠡᠭᠡᠳᠦᠶ ᠳᠤ᠂ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠦᠷᠭᠡᠨ ᠴᠤᠤᠷᠢᠶᠠᠲᠤᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂《 ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ 》ᠬᠠᠷᠢᠭᠤᠴᠠᠯᠭᠠᠲᠤ ᠰᠡᠳᠬᠢᠯᠭᠡ ᠪᠠᠷ ᠪᠥᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠣᠯᠤᠨ᠎ᠠ᠃    ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ ᠳᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠪᠤᠰᠤᠳ ᠰᠢᠶᠠᠨ ᠤ ᠳᠡᠰ ᠤᠨ ᠤᠳᠤᠷᠢᠳᠤᠯᠭ᠎ᠠ ᠪᠣᠯᠤᠨ ᠪᠦᠬᠦ ᠲᠤᠭᠤᠷᠢᠭ ᠤᠨ ᠰᠠᠯᠠᠭᠠᠨ ᠤ ᠳᠡᠰ ᠤᠨ ᠺᠠᠳ᠋ᠷ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号