ᠬᠠᠶᠢᠷ᠎ᠠ ᠰᠡᠳᠬᠢᠯᠭᠡ ᠪᠠᠨ ᠲᠠᠪᠤᠨ ᠰᠠᠷ᠎ᠠ ᠶᠢᠨ ᠲᠩᠷᠢ ᠳᠤ ᠡᠷᠭᠦᠨ᠂ ᠬᠠᠶᠢᠷ᠎ᠠ ᠳᠤᠷᠠᠯᠠᠯ ᠢᠶᠠᠨ ᠦᠳᠡᠰᠢ ᠶᠢᠨ ᠤᠯᠠᠭᠠᠨ ᠨᠠᠷᠠᠨ ᠳᠤ ᠰᠠᠴᠤᠪᠠᠢ
ᠨᠡᠶᠢᠲᠡᠯᠡᠭᠰᠡᠨ ᠴᠠᠭ᠄
2025/5/19
    ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠢ ᠤᠯᠠᠨ ᠲᠦᠮᠡᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 12  ᠤᠨ ᠦᠳᠡ ᠶᠢᠨ ᠡᠮᠦᠨ᠎ᠡ᠂ ᠵᠢᠤ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ᠵᠢᠤ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢ ᠤᠷᠢᠵᠤ ᠬᠠᠮᠲᠤ ᠪᠠᠷ ᠵᠢᠤ ᠶᠤᠸᠠᠨ ᠲᠣᠭᠤᠷᠢᠭ ᠤᠨ ᠬᠤᠷᠢᠨᠭᠡᠷ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠢᠭᠡ ᠰᠠᠷ᠎ᠠ ᠶᠢᠨ ᠬᠤᠭᠤᠴᠠᠭ᠎ᠠ ᠲᠠᠢ《  5.29 ᠭᠡᠰᠢᠭᠦᠨ ᠤ ᠠᠵᠢᠯᠯᠠᠭᠠᠨ ᠤ ᠡᠳᠦᠷ 》 ᠤᠨ ᠠᠯᠪᠠᠨ ᠵᠢᠷᠤᠮ ᠤᠨ ᠡᠮᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃
11.jpg
    ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢ ᠠᠰᠠᠭᠤᠵᠤ ᠯᠠᠪᠯᠠᠬᠤ ᠪᠠᠷ ᠢᠷᠡᠭᠰᠡᠨ ᠨᠠᠰᠤᠲᠠᠶᠢᠴᠤᠳ ᠲᠤ ᠴᠢᠰᠤᠨ ᠳᠠᠷᠤᠯᠲᠠ ᠶᠢᠨ ᠬᠡᠮᠵᠢᠯᠲᠡ᠂ ᠬᠡᠳᠦ ᠲᠠᠭᠤᠨ ᠤ ᠪᠠᠶᠢᠴᠠᠭᠠᠯᠲᠠ ᠵᠡᠷᠭᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠬᠠᠮᠲᠤ ᠨᠠᠰᠤᠲᠠᠶᠢᠴᠤᠳ ᠨᠢᠭᠡᠪᠦᠷᠢ ᠶᠢᠨ ᠪᠡᠶ᠎ᠡ ᠮᠠᠬᠠᠪᠣᠳ ᠤᠨ ᠪᠠᠶᠢᠳᠠᠯ ᠲᠠᠢ ᠤᠶᠠᠯᠳᠤᠭᠤᠯᠤᠨ ᠵᠣᠬᠢᠴᠠᠩᠭᠤᠶ ᠡᠮᠴᠢᠯᠡᠭᠡᠨ ᠤ ᠵᠢᠯᠣᠭᠤᠳᠣᠯᠭ᠎ᠠ ᠬᠢᠵᠦ᠂ ᠢᠳᠡᠭᠡᠨ ᠤᠮᠳᠠᠭᠠᠨ᠂ ᠡᠮ ᠬᠡᠷᠡᠭᠯᠡᠬᠦ ᠵᠡᠷᠭᠡ ᠲᠠᠯ᠎ᠠ ᠪᠠᠷ ᠠᠩᠬᠠᠷᠬᠤ ᠴᠢᠬᠤᠯᠠᠲᠠᠶ ᠵᠦᠢᠯᠡᠰ ᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠨᠠᠰᠤᠲᠠᠶᠢᠴᠤᠳ ᠤᠨ ᠳᠤᠷᠠᠳᠤᠭᠰᠠᠨ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠠᠰᠠᠭᠤᠳᠠᠯ ᠤᠨ ᠲᠤᠬᠠᠶ ᠨᠢᠭᠡ ᠨᠢᠭᠡ ᠪᠠᠷ ᠬᠠᠷᠢᠭᠤᠯᠲᠠ ᠥᠭᠭᠦᠨ᠎ᠡ᠃ ᠡᠮᠴᠢ ᠰᠤᠪᠢᠯᠠᠭᠴᠢᠳ ᠰᠠᠨᠠᠭᠠᠴᠢᠯᠠᠭ᠎ᠠ ᠠᠴᠠ ᠪᠠᠨ ᠣᠷᠳᠣ ᠬᠤᠭᠤᠴᠠᠭ᠎ᠠ ᠪᠠᠷ ᠬᠡᠪᠲᠡᠵᠦ ᠪᠠᠶᠢᠭ᠎ᠠ ᠴᠢᠳᠠᠪᠤᠷᠢ ᠪᠠᠨ ᠬᠠᠭᠠᠰ ᠠᠯᠳᠠᠭᠰᠠᠨ᠂ ᠴᠢᠳᠠᠪᠤᠷᠢ ᠪᠠᠨ ᠠᠯᠳᠠᠭᠰᠠᠨ ᠨᠠᠰᠤᠲᠠᠨ ᠳᠤ ᠤᠷᠤ ᠶᠢᠨ ᠬᠠᠵᠠᠭᠤ ᠶᠢᠨ ᠦᠢᠯᠡᠴᠢᠯᠡᠭᠡ ᠬᠠᠩᠭᠠᠵᠤ᠂ ᠣᠷᠣᠵᠤ ᠰᠠᠭᠤᠭᠰᠠᠨ ᠨᠠᠰᠤᠲᠠᠨ ᠨᠢᠭᠡᠪᠦᠷᠢ ᠳᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠦᠷᠲᠡᠭᠡᠪᠡ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠨᠢ ᠨᠠᠰᠤᠲᠠᠶᠢᠴᠤᠳ ᠲᠤ ᠨᠠᠷᠢᠯᠢᠭ ᠣᠨᠣᠪᠴᠢᠲᠠᠶ᠂ ᠰᠢᠨᠵᠢᠯᠡᠬᠦ ᠤᠬᠠᠭᠠᠨᠴᠢ ᠪᠠᠶᠢᠴᠠᠭᠠᠯᠲᠠ ᠪᠠ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ ᠪᠠᠰᠠ ᠡᠷᠡᠭᠦᠯ ᠮᠡᠨᠳᠦ ᠡᠷᠡᠭᠦᠯᠵᠢᠯ ᠤᠨ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠨᠠᠰᠤᠲᠠᠶᠢᠴᠤᠳ ᠤᠨ ᠬᠠᠵᠠᠭᠤ ᠳᠤ ᠦᠨᠡᠨ ᠪᠣᠳᠠᠲᠠᠶ ᠪᠠᠷ ᠬᠦᠷᠭᠡᠵᠦ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号