ᠰᠢᠷᠠᠬᠤ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠭᠦᠳᠴᠦ ᠂ ᠪᠣᠯᠪᠠᠰᠤᠨ ᠡᠵᠡᠩᠨᠡᠯᠲᠡ ᠶᠢᠨ ᠰᠢᠨ᠎ᠡ ᠵᠢᠷᠤᠭ ᠢ ᠵᠢᠷᠤᠭᠯᠠᠶ᠎ᠠ
ᠨᠡᠶᠢᠲᠡᠯᠡᠭᠰᠡᠨ ᠴᠠᠭ᠄
2025/5/19
    ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠤᠳᠠ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ《 ᠦᠢᠯᠡᠴᠢᠯᠡᠭᠡ + ᠬᠢᠨᠠᠯᠲᠠ ᠬᠠᠮᠢᠶᠠᠷᠤᠯᠲᠠ 》 ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠵᠤ᠂《 ᠰᠢᠷᠠᠬᠤ ᠢᠳᠡᠭᠡᠨ ᠤ ᠰᠥᠨᠢ ᠶᠢᠨ ᠵᠠᠬ᠎ᠠ ᠶᠢ ᠳᠦᠷᠢᠮᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ 》 ᠶᠢ ᠰᠢᠨᠡᠴᠢᠯᠡᠨ ᠬᠡᠷᠡᠭᠵᠢᠭᠦᠯᠵᠦ᠂ ᠤᠶᠠᠨ ᠴᠢᠨᠠᠷᠲᠠᠢ ᠪᠠᠷ ᠬᠦᠳᠦᠯᠦᠨ ᠵᠢᠯᠣᠭᠤᠳᠬᠤ᠂ ᠤᠨᠤᠪᠴᠢᠲᠠᠢ ᠪᠠᠷ ᠦᠢᠯᠡᠴᠢᠯᠡᠬᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡᠨ ᠵᠤᠷᠪᠤᠰ ᠬᠠᠯᠠᠭᠤᠨ ᠳᠤᠯᠠᠭᠠᠨ ᠮᠥᠷᠲᠡᠭᠡᠨ ᠡᠷᠴᠢᠮ ᠲᠠᠢ ᠬᠤᠳᠠ ᠶᠢᠨ ᠬᠠᠮᠢᠶᠠᠷᠤᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠵᠤᠨ ᠤ ᠡᠳᠦᠷ ᠤᠨ《 ᠭᠠᠯ ᠤᠲᠤᠭ᠎ᠠ 》 ᠳᠤ ᠪᠣᠯᠪᠠᠰᠤᠨ ᠰᠢᠨ᠎ᠡ ᠰᠤᠷᠲᠠᠯ ᠨᠡᠮᠡᠷᠢᠯᠡᠪᠡ᠃
11.jpg
    ᠤᠶᠠᠨ ᠴᠢᠨᠠᠷᠲᠠᠢ ᠵᠢᠯᠤᠭᠤᠳᠤᠯᠭ᠎ᠠ ᠪᠠᠨ ᠤᠷᠢᠳᠠᠨ ᠪᠠᠶᠢᠷᠢᠰᠢᠵᠤ᠂《 ᠬᠠᠲᠠᠭᠤ ᠬᠢᠵᠠᠭᠠᠷᠯᠠᠯ 》 ᠢ《 ᠵᠥᠭᠡᠯᠡᠨ ᠰᠠᠨᠠᠭᠤᠯᠤᠮᠵᠢ 》ᠪᠣᠯᠭᠠᠨ ᠬᠤᠪᠢᠷᠠᠭᠤᠯᠪᠠ᠃ ᠬᠠᠷᠢᠶᠠᠲᠤ ᠣᠷᠣᠨ ᠤ 55 ᠰᠢᠷᠠᠮᠠᠯ ᠤᠨ ᠬᠤᠳᠠᠯᠳᠤᠭᠠᠴᠢᠨ ᠳᠤ ᠴᠢᠭᠯᠡᠭᠦᠯᠦᠨ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠤᠯᠠᠮᠵᠢᠯᠠᠯᠲᠤ ᠬᠠᠤᠯᠢ ᠬᠡᠷᠡᠭᠵᠢᠭᠦᠯᠬᠦ ᠵᠠᠭᠪᠤᠷ ᠢ ᠡᠪᠳᠡᠵᠦ᠂《 ᠰᠢᠷᠠᠮᠠᠯ ᠤᠨ ᠦᠢᠯᠡᠰ ᠤᠨ ᠡᠷᠦᠬᠡ ᠳᠤ ᠦᠭᠬᠦ‍ ᠨᠢᠭᠡ ᠬᠤᠪᠢ ᠵᠠᠬᠢᠳᠠᠯ》 ᠢ ᠨᠠᠷᠢᠨ ᠨᠢᠮᠪᠠᠶ ᠵᠢᠷᠤᠵᠤ ᠲᠥᠯᠥᠪᠯᠡᠨ᠂ ᠡᠵᠡᠩᠨᠡᠬᠦ ᠴᠠᠭ᠂ ᠲᠣᠰᠣᠨ ᠣᠲᠤᠭ᠎ᠠ ᠶᠢ ᠴᠡᠪᠡᠷᠰᠢᠭᠦᠯᠬᠦ ᠪᠠᠷᠢᠮᠵᠢᠶ᠎ᠠ᠂《 ᠭᠤᠷᠪᠠᠨ ᠳᠤᠭᠲᠠᠭᠠᠯ ᠬᠤᠶᠠᠷ ᠨᠢᠭᠡᠳᠦᠯ 》ᠨᠠᠷᠢᠨ ᠲᠦᠷᠢᠮ ᠢ ᠲᠣᠳᠣᠷᠬᠠᠶᠢᠯᠠᠭᠰᠠᠨ ᠤ ᠬᠠᠮᠲᠤ《  ᠪᠣᠯᠪᠠᠰᠤᠨ ᠢᠳᠬᠠᠭᠴᠢ  》ᠭᠠᠷᠭᠠᠬᠤ ᠰᠠᠨᠠᠭᠤᠯᠭ᠎ᠠ ᠪᠠᠨ ᠰᠢᠨᠡᠴᠢᠯᠡᠨ ᠳᠤᠷᠠᠳᠴᠤ᠂ ᠬᠤᠳᠠᠯᠳᠤᠭᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠵᠤᠴᠢᠳ ᠢ ᠪᠣᠯᠪᠠᠰᠤᠨ ᠢᠶᠠᠷ ᠬᠤᠭᠤᠯᠠ ᠢᠳᠡᠬᠦ ᠪᠠᠨ ᠰᠠᠨᠠᠭᠤᠯᠤᠨ᠎ᠠ᠃ 20 ᠭᠠᠷᠤᠶ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠦᠢᠯᠡᠴᠢᠯᠡᠭᠡᠨ ᠤ ᠪᠠᠭ᠎ᠠ ᠠᠩᠭᠢ ᠪᠠᠶᠢᠭᠤᠯᠵᠤ᠂ ᠴᠡᠴᠡᠷᠯᠢᠭ ᠵᠠᠮ᠂ ᠬᠦᠨᠳᠡᠯᠡᠨ ᠭᠤᠯᠳᠤ ᠵᠡᠭᠡᠯᠢ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ《 ᠵᠡᠭᠡᠯᠢ ᠴᠡᠪᠡᠷᠯᠡᠬᠦ ᠠᠵᠢᠯᠯᠠᠭ᠎ᠠ》ᠥᠷᠨᠢᠭᠦᠯᠵᠦ᠂ ᠨᠡᠶᠢᠲᠡ 150 ᠭᠠᠷᠤᠶ ᠰᠠᠨᠠᠭᠤᠯᠤᠮᠵᠢ ᠶᠢᠨ ᠵᠠᠬᠢᠳᠠᠯ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠳᠤ《 ᠵᠠᠶ ᠥᠬᠡᠶ 》ᠪᠠᠶᠢᠬᠤ ᠶᠢ ᠪᠡᠶᠡᠯᠡᠭᠦᠯᠪᠡ᠃
22.jpg
    ᠤᠨᠤᠪᠴᠢᠲᠠᠢ ᠦᠢᠯᠡᠴᠢᠯᠡᠵᠦ ᠰᠡᠳᠤᠪ ᠵᠠᠳᠠᠯᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ ᠠᠷᠠᠳ ᠤᠨ ᠰᠡᠳᠬᠢᠯ ᠢ ᠨᠡᠩ ᠨᠢᠭᠲᠠᠷᠠᠭᠤᠯᠤᠨ᠎ᠠ᠃ ᠬᠤᠳᠠᠯᠳᠤᠭᠠᠨ ᠤ ᠡᠷᠦᠬᠡ ᠶᠢᠨ ᠠᠩᠬᠠᠷᠴᠤ ᠪᠠᠶᠢᠭ᠎ᠠ ᠵᠠᠮ ᠡᠵᠡᠯᠡᠬᠦ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠷᠠᠬᠤ ᠵᠤᠤᠬ᠎ᠠ ᠶᠢᠨ ᠬᠡᠯᠪᠡᠷᠢ ᠰᠣᠩᠭᠤᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶ ᠶᠢᠨ ᠲᠠᠯᠠᠪᠠᠶ ᠳᠤ《 ᠨᠢᠭᠡ ᠨᠢᠭᠡ ᠪᠠᠷ 》ᠲᠠᠶᠢᠯᠤᠮᠵᠢ ᠬᠢᠪᠠ᠃ ᠡᠭᠦᠨ ᠤ ᠬᠠᠮᠲᠤ ᠬᠤᠳᠠᠯᠳᠤᠭᠠᠨ ᠤ ᠡᠷᠦᠬᠡ ᠶᠢᠨ ᠵᠦᠶ ᠵᠣᠬᠢᠰᠲᠠᠶ ᠰᠠᠨᠠᠭᠤᠯᠭ᠎ᠠ ᠶᠢ ᠴᠤᠭᠯᠠᠭᠤᠯᠵᠤ᠂ ᠲᠠᠷᠠᠭᠠᠴᠢ ᠶᠢᠨ ᠰᠢᠯᠢᠳᠡᠭᠵᠢᠭᠦᠯᠦᠨ ᠬᠠᠮᠢᠶᠠᠷᠬᠤ ᠳᠤ ᠦᠨᠳᠦᠰᠦᠯᠡᠯ ᠬᠠᠩᠭᠠᠨ᠎ᠠ᠃《 ᠬᠠᠤᠯᠢ ᠬᠡᠷᠡᠭᠵᠢᠭᠦᠯᠬᠦ + ᠦᠢᠯᠡᠴᠢᠯᠡᠭᠡ 》 ᠶᠢᠨ ᠬᠤᠣᠰ ᠱᠤᠭᠤᠮ ᠢᠶᠠᠷ ᠳᠠᠮᠵᠢᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠤᠷᠢᠭ᠎ᠠ ᠱᠤᠭᠤᠮ ᠢ ᠰᠠᠬᠢᠭᠰᠠᠨ ᠮᠥᠷᠲᠡᠭᠡᠨ ᠪᠠᠰᠠ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠵᠦ ᠦᠷ᠎ᠡ ᠠᠰᠢᠭ ᠢ ᠨᠡᠮᠡᠭᠳᠡᠭᠦᠯᠪᠡ᠃    ᠲᠣᠭᠲᠠᠴᠠ ᠪᠠᠨ ᠰᠢᠨᠡᠳᠬᠡᠵᠦ ᠬᠦᠴᠦ ᠨᠡᠮᠡᠷᠢᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠬᠥᠭᠵᠢᠭᠡᠪᠡ᠃《 ᠠᠯᠳᠠᠭ᠎ᠠ ᠪᠤᠷᠤᠭᠤ ᠶᠢ ᠠᠭᠤᠴᠢᠯᠠᠨ ᠬᠠᠷᠢᠭᠤᠴᠠᠯᠭ᠎ᠠ ᠠᠴᠠ ᠭᠡᠯᠳᠦᠷᠢᠭᠦᠯᠬᠦ 》ᠲᠣᠭᠲᠠᠴᠠ ᠶᠢ ᠣᠷᠣᠭᠤᠯᠤᠨ ᠠᠪᠴᠢᠷᠠᠵᠤ᠂ ᠠᠩᠬ᠎ᠠ ᠤᠳᠠᠭᠠᠨ ᠤ ᠲᠣᠭᠲᠠᠭᠠᠯ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠳᠤ ᠰᠤᠷᠭᠠᠨ ᠬᠥᠮᠦᠵᠢᠭᠦᠯᠵᠦ ᠰᠡᠷᠡᠮᠵᠢᠯᠡᠭᠦᠯᠬᠦ ᠪᠠᠷ ᠲᠣᠷᠭᠠᠭᠤᠯᠢ ᠶᠢ ᠣᠷᠣᠯᠠᠭᠤᠯᠵᠤ᠂ ᠬᠠᠤᠯᠢ ᠬᠡᠷᠡᠭᠵᠢᠭᠦᠯᠬᠦ ᠬᠠᠯᠠᠭᠤᠨ ᠰᠡᠳᠬᠢᠯᠭᠡ ᠶᠢ ᠢᠯᠡᠷᠡᠭᠦᠯᠬᠦ ᠶᠢᠨ ᠬᠠᠮᠲᠤ᠂ ᠬᠤᠳᠠᠯᠳᠤᠭᠠᠨ ᠤ ᠡᠷᠦᠬᠡ ᠶᠢᠨ《 ᠰᠠᠨᠠᠭᠠᠴᠢᠯᠠᠭᠠᠲᠤ ᠪᠤᠰᠤ ᠪᠠᠷ ᠴᠡᠭᠴᠡᠯᠡᠨ ᠰᠠᠶᠢᠵᠢᠷᠠᠭᠤᠯᠬᠤ 》 ᠠᠴᠠ《 ᠰᠠᠨᠠᠭᠠᠴᠢᠯᠠᠭ᠎ᠠ ᠠᠴᠠ ᠪᠠᠨ ᠰᠢᠯᠢᠳᠡᠭ ᠢ ᠡᠭᠦᠳᠬᠦ 》ᠳᠠᠰᠢ ᠰᠢᠯᠵᠢᠬᠦ ᠶᠢ ᠵᠤᠷᠢᠭᠵᠢᠭᠤᠯᠪᠠ᠃ ᠰᠢᠷᠠᠬᠤ ᠢᠳᠡᠭᠡᠨ ᠤ ᠳᠡᠯᠭᠡᠭᠦᠷ ᠤᠨ ᠡᠵᠡᠨ ᠯᠢ ᠪᠠᠭᠰᠢ :《 ᠥᠩᠭᠡᠷᠡᠭᠰᠡᠨ ᠳᠤ ᠪᠠᠶᠢᠴᠠᠭᠠᠬᠤ ᠠᠴᠠ ᠠᠶᠤᠳᠠᠭ ᠪᠠᠶᠢᠭᠰᠠᠨ᠂ ᠣᠲᠣ ᠵᠢᠱᠢᠶ᠎ᠡ ᠦᠵᠡᠭᠦᠯᠬᠦ ᠡᠷᠦᠬᠡ ᠪᠣᠯᠬᠤ ᠪᠠᠷ ᠴᠢᠷᠮᠠᠶᠢᠵᠤ ᠪᠠᠶᠢᠨ᠎ᠠ᠂ ᠰᠠᠶᠢᠨ ᠣᠷᠴᠢᠨ ᠲᠣᠭᠤᠷᠢᠨ ᠨᠠᠩ ᠣᠯᠠᠨ ᠵᠣᠴᠢᠳ ᠢ ᠲᠠᠲᠠᠵᠤ᠂ ᠠᠷᠠᠯᠵᠢᠶ᠎ᠠ ᠮᠠᠶᠢᠮᠠᠶ ᠨᠠᠩ ᠬᠥᠭᠵᠢᠶᠡᠨ ᠲᠠᠢᠪᠣᠯᠵᠠᠶ 》ᠭᠡᠵᠦ ᠰᠡᠳᠬᠢᠯ ᠳᠣᠭᠳᠣᠯᠤᠨ ᠬᠡᠯᠡᠪᠡ᠃    ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠷᠢᠯᠢᠭ ᠵᠠᠰᠠᠯᠲᠠ ᠪᠠᠷ ᠬᠤᠲᠠ ᠶᠢᠨ ᠭᠠᠯ ᠤᠲᠤᠭ᠎ᠠ ᠶᠢ ᠰᠠᠬᠢᠨ ᠬᠠᠮᠠᠭᠠᠯᠠᠵᠤ᠂ ᠲᠦᠷᠢᠮ ᠤᠨ ᠰᠢᠨ᠎ᠡ ᠡᠭᠦᠳᠦᠯᠲᠡ ᠪᠠᠷ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠪᠠᠲᠤᠯᠠᠵᠤ᠂ ᠰᠥᠨᠢ ᠶᠢᠨ ᠵᠠᠬ᠎ᠠ ᠳᠡᠯᠭᠡᠭᠦᠷ ᠵᠠᠮ ᠡᠵᠡᠯᠡᠬᠦ᠂ ᠲᠣᠰᠣᠨ ᠣᠲᠤᠭ᠎ᠠ ᠪᠠᠷ ᠠᠷᠠᠳ ᠢ ᠦᠢᠮᠡᠭᠦᠯᠬᠦ ᠵᠡᠷᠭᠡ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠣᠷᠴᠢᠨ ᠠᠬᠤᠶ ᠶᠢᠨ ᠰᠠᠶᠢᠵᠢᠷᠠᠯᠲᠠ ᠬᠢᠭᠡᠳ ᠠᠵᠤ ᠠᠬᠤᠶ ᠶᠢᠨ ᠬᠥᠭᠵᠢᠯᠲᠡ ᠶᠢᠨ《 ᠬᠤᠤᠰ ᠢᠯᠠᠯᠲᠠ 》 ᠶᠢ ᠪᠡᠶᠡᠯᠡᠭᠦᠯᠦᠭᠰᠡᠨ ᠪᠠᠶᠢᠨ᠎ᠠ᠃ ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠷᠤᠮᠵᠢᠭᠰᠠᠨ ᠰᠥᠨᠢ ᠶᠢᠨ ᠵᠠᠬ᠎ᠠ ᠳᠡᠯᠭᠡᠭᠦᠷ ᠢ ᠵᠢᠤ ᠶᠤᠸᠠᠨ ᠤ ᠪᠣᠯᠪᠠᠰᠤᠨ ᠴᠢᠨᠠᠷ ᠴᠢᠨᠰᠠᠭ᠎ᠠ ᠶᠢ ᠢᠯᠡᠷᠡᠭᠦᠯᠬᠦ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号