ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠤᠯᠠᠨ ᠲᠠᠯ᠎ᠠ ᠠᠴᠠ ᠬᠦᠴᠦᠯᠡᠵᠦ  ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠪᠠᠷ ᠬᠡᠷᠡᠭᠯᠡᠭᠡ ᠶᠢᠨ《 ᠰᠢᠨ᠎ᠡ ᠬᠥᠳᠡᠯᠭᠡᠭᠦᠷ 》 ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/5/19
    ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠡᠮᠡᠭᠳᠡᠯ ᠢ ᠲᠣᠭᠲᠠᠪᠤᠷᠢᠵᠢᠭᠤᠯᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠦᠬᠦ ᠲᠠᠯ᠎ᠠ ᠶᠢᠨ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠯᠢ ᠣᠯᠠᠨ ᠯᠠᠪᠳᠠᠭᠤᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠲᠤᠭᠠᠨ ᠤ ᠬᠡᠷᠡᠭᠰᠡᠯ᠂  ᠬᠡᠷ ᠤᠨ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠲᠠᠰᠤᠭ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠳᠥᠷᠪᠡᠨ ᠶᠡᠭᠡ ᠲᠥᠷᠥᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠶ ᠬᠥᠭᠵᠢᠭᠡᠵᠦ᠂ 1- 4 ᠰᠠᠷ᠎ᠠ ᠳᠤ ᠨᠢᠳᠦ ᠭᠢᠯᠠᠰᠤᠮ᠎ᠠ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠵᠤ᠂ ᠣᠷᠣᠨ ᠪᠦᠰᠡ ᠶᠢᠨ ᠠᠵᠤ ᠠᠬᠤᠶ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠪᠡ᠃    -- ᠰᠢᠨ᠎ᠡ ᠶᠢ ᠡᠭᠦᠳᠬᠦ ᠤᠬᠠᠭᠤᠯᠭ᠎ᠠ ᠶᠢᠨ ᠵᠢᠭᠰᠠᠭᠠᠯ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠨᠢᠨ ᠳᠡᠭᠡᠷ᠎ᠡ ᠨᠢ ᠬᠦᠷᠭᠡᠪᠡ᠃ ᠮᠠᠨ ᠤ ᠲᠣᠪᠴᠢᠶ᠎ᠠ ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ ᠪᠣᠰᠤᠭ᠎ᠠ ᠴᠣᠭᠴᠠᠲᠤ ᠤᠬᠠᠭᠤᠯᠭ᠎ᠠ ᠶᠢᠨ ᠰᠦᠯᠵᠢᠶ᠎ᠡ ᠶᠢ ᠪᠠᠶᠢᠭᠤᠯᠵᠤ᠂ ᠠᠵᠤ ᠠᠬᠤᠶᠢᠯᠠᠯ᠂ ᠭᠡᠷ ᠬᠤᠷᠢᠶᠠᠯᠠᠯ ᠲᠠᠢ ᠬᠠᠮᠵᠢᠯᠴᠠᠨ ᠳᠡᠯᠭᠡᠷᠡᠭᠦᠯᠬᠦ ᠠᠵᠢᠯ ᠢ ᠥᠷᠨᠢᠭᠦᠯᠪᠡ᠃ ᠰᠦᠯᠵᠢᠶᠡᠨ ᠳᠡᠭᠡᠷ᠎ᠡ ᠸᠢᠴᠠᠲ ᠤᠨ ᠨᠠᠶᠢᠵᠠ ᠶᠢᠨ ᠲᠣᠭᠤᠷᠢᠭ᠂ ᠨᠡᠶᠢᠭᠡᠮ ᠤᠨ ᠪᠦᠯᠬᠦᠮ ᠵᠡᠷᠭᠡ ᠲᠠᠪᠴᠠᠩ ᠳᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠠᠵᠢᠯᠯᠠᠭ᠎ᠠ ᠶᠢᠨ ᠬᠢᠯᠠᠰ ᠴᠡᠭ ᠤᠨ ᠮᠡᠳᠡᠭᠡ ᠵᠠᠩᠭᠢ ᠶᠢ ᠨᠡᠶᠢᠲᠡ 50 ᠭᠠᠷᠤᠶ ᠵᠤᠷᠪᠤᠰ ᠬᠦᠷᠭᠡᠪᠡ︔ ᠰᠦᠯᠵᠢᠶᠡᠨ ᠭᠠᠳᠠᠨ᠎ᠠ ᠬᠤᠳᠠᠯᠳᠤᠭᠠᠨ ᠤ ᠲᠣᠭᠤᠷᠢᠭ᠂ ᠭᠡᠷ ᠬᠤᠷᠢᠶᠠᠯᠠᠯ ᠵᠢᠴᠢ ᠵᠢᠵᠢᠭᠯᠡᠨ ᠬᠤᠳᠠᠯᠳᠤᠬᠤ ᠲᠤᠤᠷ ᠴᠡᠭ ᠲᠤ 10 ᠭᠠᠷᠤᠶ ᠤᠬᠠᠭᠤᠯᠭ᠎ᠠ ᠶᠢᠨ ᠴᠡᠭ ᠭᠠᠷᠭᠠᠵᠤ᠂ 315᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠭᠠᠷᠠᠭ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠠᠰᠢᠭᠯᠠᠨ 3 ᠲᠠᠯᠠᠪᠤᠷ ᠲᠥᠪᠯᠡᠷᠡᠭᠦᠯᠦᠨ ᠤᠬᠠᠭᠤᠯᠭ᠎ᠠ ᠬᠢᠵᠤ᠂ ᠨᠡᠶᠢᠲᠡ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠣᠨᠣᠪᠴᠢᠲᠠᠶ ᠰᠢᠭᠤᠳ ᠬᠦᠷᠭᠡᠬᠦ ᠶᠢ ᠦᠨᠡᠨ ᠬᠦ ᠪᠠᠲᠤᠯᠠᠵᠤ᠂ ᠬᠡᠷᠡᠭᠯᠡᠭᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃    -- ᠴᠢᠩᠭ᠎ᠠ ᠰᠢᠯᠢᠨ ᠰᠤᠩᠭᠤᠵᠤ ᠰᠢᠯᠢᠳᠡᠭ ᠢ ᠪᠤᠶᠢᠵᠢᠭᠤᠯᠬᠤ ᠪᠠᠨ ᠵᠡᠷᠭᠡᠪᠡᠷ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠦᠩ ᠰᠢᠮᠡᠯᠢᠭ ᠬᠥᠷᠥᠰᠥ ᠶᠢ ᠵᠤᠵᠠᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠤ ᠤᠯᠠᠮ ᠢᠶᠠᠷ ᠥᠷᠭᠡᠳᠬᠦ ᠶᠢ ᠳᠠᠭᠠᠯᠳᠤᠨ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯᠯᠠᠭ᠎ᠠ ᠳᠤ ᠰᠢᠯᠢᠨ ᠰᠣᠩᠭᠤᠬᠤ ᠳᠤ ᠣᠷᠣᠯᠴᠠᠭᠰᠠᠨ ᠪᠣᠷᠣᠯᠠᠭᠤᠯᠬᠤ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠪᠡ᠃ ᠰᠢᠯᠢᠨ ᠰᠣᠩᠭᠤᠬᠤ ᠭᠤᠭᠴᠤᠭ᠎ᠠ ᠳᠤ᠂ ᠮᠠᠨ ᠤ ᠲᠣᠪᠴᠢᠶ᠎ᠠ ᠴᠢᠩᠭ᠎ᠠ ᠦᠨᠡᠯᠡᠨ ᠵᠢᠱᠢᠬᠦ ᠰᠢᠰᠲ᠋ᠧᠮ ᠢ ᠪᠠᠶᠢᠭᠤᠯᠵᠤ᠂ ᠭᠤᠤᠯ ᠴᠣᠭᠴᠠ ᠶᠢᠨ ᠬᠢᠷᠢ ᠬᠡᠮ᠂ ᠡᠵᠡᠩᠨᠡᠯᠲᠡ ᠶᠢᠨ ᠬᠡᠪᠴᠢᠶ᠎ᠡ ᠠᠴᠠ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠡᠷᠭᠡ ᠣᠯᠠᠨ ᠲᠠᠯ᠎ᠠ ᠠᠴᠠ ᠪᠣᠭᠤᠮᠲᠠ ᠶᠢ ᠠᠳᠬᠤᠵᠤ᠂ ᠵᠢᠷᠭᠤᠭᠠᠨ ᠪᠦᠯᠦᠭ ᠬᠤᠪᠢᠶᠠᠨ ᠠᠮᠵᠢᠯᠲᠠ ᠲᠠᠢ ᠪᠠᠷ ᠪᠤᠭᠤᠲᠤ ᠬᠤᠲᠠ ᠶᠢᠨ ᠯᠢᠶᠠᠨ ᠾᠧᠩ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠢ ᠰᠢᠨ ᠵᠠᠰᠠᠯ ᠴᠢᠮᠡᠭᠯᠡᠯ ᠤᠨ ᠵᠢᠷᠤᠭ ᠲᠥᠯᠥᠪᠯᠡᠭᠡ ᠶᠢᠨ ᠬᠢᠵᠠᠭᠠᠷᠲᠤ ᠺᠣᠮᠫᠠᠨᠢ ᠵᠡᠷᠭᠡ 16 ᠴᠢᠨᠠᠷ ᠰᠠᠶᠢᠲᠠᠶ ᠭᠤᠤᠯ ᠴᠣᠭᠴᠠ ᠶᠢ ᠰᠣᠩᠭᠤᠨ ᠲᠠᠨᠢᠯᠴᠠᠭᠤᠯᠪᠠ᠃ ᠡᠭᠦᠨ ᠤ ᠬᠠᠮᠲᠤ᠂ ᠵᠠᠯᠭᠠᠮᠵᠢ ᠪᠤᠶᠢᠵᠢᠭᠤᠯᠤᠯᠲᠠ ᠶᠢ ᠴᠢᠩᠭᠠᠳᠬᠠᠵᠤ᠂ 5 ᠤᠳᠠᠭᠠᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠪᠣᠷᠣᠯᠠᠭᠤᠯᠬᠤ ᠶᠠᠪᠤᠴᠠ ᠪᠠᠨ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠡᠷ ᠤᠨ ᠴᠠᠬᠢᠯᠭᠠᠨ ᠬᠡᠷᠡᠭᠰᠡᠯ ᠲᠤᠭᠠᠨ ᠤ ᠬᠡᠷᠡᠭᠰᠡᠯ᠂ ᠬᠡᠷ ᠤᠨ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠲᠠᠰᠤᠭ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠴᠡᠴᠡᠭᠯᠡᠨ ᠬᠥᠭᠵᠢᠬᠦ ᠳᠤ ᠪᠠᠲᠤ ᠰᠠᠭᠤᠷᠢ ᠲᠠᠯᠪᠢᠵᠤ ᠦᠭᠪᠡ᠃    -- ᠳᠥᠷᠪᠡᠨ ᠶᠡᠭᠡ ᠬᠦᠷᠢᠶ᠎ᠡ ᠵᠡᠷᠭᠡ ᠪᠠᠷ ᠬᠦᠴᠦᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠭᠤᠨ ᠤ ᠬᠡᠮᠵᠢᠶ᠎ᠡ ᠲᠦᠷᠭᠡᠨ ᠳᠡᠭᠡᠭᠰᠢᠯᠡᠪᠡ᠃ ᠲᠥᠷᠥ ᠶᠢᠨ ᠪᠣᠳᠣᠯᠭ᠎ᠠ ᠶᠢᠨ ᠬᠦᠴᠦᠲᠡᠶ ᠠᠬᠢᠭᠤᠯᠤᠯ ᠪᠠ ᠨᠠᠷᠢᠨ ᠨᠢᠮᠪᠠᠶ ᠵᠣᠬᠢᠶᠠᠨ ᠪᠠᠶᠢᠭᠤᠯᠤᠯᠲᠠ ᠳᠤᠤᠷ᠎ᠠ᠂ ᠡᠯ᠎ᠡ ᠲᠥᠷᠥᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠭᠡᠷ ᠤᠨ ᠴᠠᠬᠢᠯᠭᠠᠨ ᠬᠡᠷᠡᠭᠰᠡᠯ ᠤᠨ 3 C ᠤᠨ ᠬᠡᠷᠡᠭᠯᠡᠭᠡ ᠦᠷᠭᠦᠯᠵᠢᠯᠡᠨ ᠨᠡᠮᠡᠭᠳᠡᠵᠦ᠂ 11《 ᠰᠢᠯᠢᠭᠳᠡᠭᠰᠡᠨ 》 ᠠᠵᠤ ᠠᠬᠤᠶᠢᠯᠠᠯ ᠤᠨ 1- 4 ᠰᠠᠷ᠎ᠠ ᠳᠤ ᠨᠡᠶᠢᠲᠡ 698.01 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠨᠤᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33.2% ᠢᠶᠠᠷ ᠨᠡᠮᠡᠭᠳᠡᠵᠦ᠂ ᠪᠣᠷᠣᠯᠠᠭᠤᠯᠭ᠎ᠠ ᠶᠢᠨ ᠬᠡᠮᠵᠢᠶ᠎ᠡ ᠨᠢ 2446 ᠰᠠᠤᠷᠢ ( ᠢᠵᠢ ) ᠳᠤ ᠬᠦᠷᠴᠦ᠂ ᠬᠡᠷᠡᠭᠯᠡᠭᠡ ᠶᠢᠨ ᠳᠡᠰ ᠳᠡᠪᠰᠢᠬᠦ ᠶᠢᠨ ᠬᠦᠴᠦᠲᠡᠶ ᠬᠥᠳᠡᠯᠭᠡᠬᠦ ᠬᠦᠴᠦᠨ ᠪᠣᠯᠪᠠ︔ ᠮᠠᠰᠢᠨ ᠲᠡᠷᠭᠡᠨ ᠤ ᠵᠠᠬ᠎ᠠ ᠳᠡᠯᠭᠡᠭᠦᠷ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠣᠯᠵᠣ᠂ 13 ᠭᠤᠤᠯᠳᠠᠯᠭ᠎ᠠ ᠲᠠᠢ ᠰᠢᠨ᠎ᠡ ᠲᠡᠷᠭᠡ ᠪᠣᠷᠣᠯᠠᠭᠤᠯᠬᠤ ᠠᠵᠤ ᠠᠬᠤᠶᠢᠯᠠᠯ 1- 4 ᠰᠠᠷ᠎ᠠ ᠳᠤ 1750 ᠰᠠᠤᠷᠢ ( ᠰᠢᠨ᠎ᠡ ᠡᠨᠧᠷᠭᠢ ᠶᠢᠨ ᠲᠡᠷᠭᠡ 988  ᠶᠢ ᠪᠠᠭᠲᠠᠭᠠᠨ᠎ᠠ ) ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 115.82% ᠢᠶᠠᠷ ᠨᠡᠮᠡᠭᠳᠡᠪᠡ︔ ᠪᠣᠷᠣᠯᠠᠭᠤᠯᠤᠯᠲᠠ ᠶᠢᠨ ᠨᠤᠷᠮ᠎ᠠ 31603.82 ᠲᠦᠮᠡᠨ ᠲᠥᠭᠦᠷᠢᠭ ( ᠰᠢᠨ᠎ᠡ ᠡᠨᠧᠷᠭᠢ ᠶᠢᠨ 13186.89 ᠲᠦᠮᠡᠨ ᠲᠥᠭᠦᠷᠢᠭ ᠢ ᠪᠠᠭᠲᠠᠨ᠎ᠠ )᠂ ᠠᠳᠠᠯᠢ ᠬᠤᠭᠤᠴᠠᠭᠠᠨ ᠤ ᠬᠢ ᠠᠴᠠ 66.43% ᠪᠠᠷ ᠨᠡᠮᠡᠭᠳᠡᠪᠡ︔ ᠬᠡᠷ ᠤᠨ ᠴᠢᠮᠡᠭᠯᠡᠯ ᠲᠣᠭᠤᠭᠠᠨ ᠬᠡᠷ ᠠᠷᠢᠭᠤᠨ ᠴᠡᠪᠡᠷ ᠤᠨ ᠲᠠᠰᠤᠭ ᠬᠢᠭᠡᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠪᠤᠰᠤᠳ ᠠᠵᠢᠯ ᠲᠥᠷᠥᠯ ᠤᠨ 《 ᠰᠢᠯᠢᠭᠳᠡᠭᠰᠡᠨ 》5 ᠪᠣᠷᠣᠯᠠᠭᠤᠯᠤᠯᠲᠠ ᠶᠢᠨ ᠭᠤᠤᠯ ᠴᠣᠭᠴᠠ 1- 4 ᠰᠠᠷ᠎ᠠ ᠳᠤ 27.21 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠵᠦ᠂ ᠪᠣᠷᠣᠯᠠᠭᠤᠯᠭ᠎ᠠ ᠶᠢᠨ ᠬᠡᠮᠵᠢᠶ᠎ᠡ 97 ᠰᠠᠭᠤᠷᠢ ( ᠬᠤᠪᠢ) ᠳᠤ ᠬᠦᠷᠴᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃
111.jpg
    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ《 ᠲᠥᠷᠥ ᠶᠢᠨ ᠪᠣᠳᠣᠯᠭ᠎ᠠ + ᠠᠵᠢᠯᠯᠠᠭ᠎ᠠ 》 ᠪᠠᠷ ᠬᠥᠳᠡᠯᠭᠡᠭᠦᠷ ᠪᠣᠯᠭᠠᠬᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠳᠪᠦᠷᠢ ᠬᠤᠳᠠᠯᠳᠤᠭᠠᠨ ᠤ ᠰᠢᠨ᠎ᠡ ᠶᠢ ᠡᠭᠦᠳᠬᠦ᠂ ᠲᠠᠪᠴᠠᠩ ᠳᠤ ᠠᠰᠢᠭ ᠣᠯᠭᠤᠬᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠳᠤ ᠦᠷᠭᠦᠯᠵᠢᠯᠡᠨ ᠬᠦᠴᠦᠨ ᠴᠢᠳᠠᠯ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号