ᠲᠠᠪᠤᠨ ᠰᠠᠷ᠎ᠠ ᠶᠢᠨ ᠠᠨᠠᠷ ᠴᠡᠴᠡᠭ ᠨᠢᠳᠦ ᠶᠢ ᠭᠡᠶᠢᠭᠦᠯᠵᠦ᠂ ᠪᠦᠯᠬᠦᠮᠳᠡᠯ ᠤᠨ ᠬᠥᠭᠵᠢᠮ ᠰᠢᠨ᠎ᠡ ᠳᠠᠭᠤᠨ ᠢ | ᠰᠡᠷᠭᠦᠭᠡᠨ᠎ᠡ᠃ 5 ᠰᠠᠷ᠎ᠠ ᠶᠢᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ | ᠬᠤᠭᠤᠴᠠᠭᠠᠨ ᠳᠤ᠂ ᠰᠠᠶᠢᠬᠠᠨ ᠵᠡᠭᠡᠯᠢ ᠭᠤᠳᠤᠮᠵᠢ ᠶᠢᠨ ᠴᠢᠩ ᠨᠢᠶᠠᠨ ᠭᠡᠷ ᠬᠤᠷᠢᠶᠠᠯᠠᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠤᠷᠠᠯᠢᠭ ᠢᠶᠠᠷ ᠵᠠᠭᠤᠴᠢ ᠪᠣᠯᠭᠠᠵᠤ᠂ | ᠰᠣᠶᠣᠯ ᠢᠶᠠᠷ ᠰᠦᠭ ᠰᠦᠨᠡᠰᠦ ᠶᠢ ᠱᠤᠭᠤᠵᠤ᠂《 ᠨᠠᠮ ᠤᠨ ᠪᠠᠶᠢᠭᠤᠯᠤᠯᠲᠠ ᠪᠠᠷ〈ᠬᠥᠷᠰᠢ〉 ᠶᠢ ᠬᠦᠳᠦᠯᠥᠨ | ᠳᠠᠭᠠᠭᠤᠯᠵᠤ᠂ ᠭᠡᠷ ᠬᠤᠷᠢᠶᠠᠯᠠᠯ ᠤᠨ ᠵᠠᠰᠠᠯᠲᠠ ᠳᠤ〈ᠬᠦᠴᠦᠨ ᠨᠡᠮᠡᠷᠢᠯᠡᠬᠦ〉》ᠭᠤᠣᠯ ᠰᠡᠳᠦᠪᠲᠦ ᠤᠷᠠᠨ | ᠰᠠᠶᠢᠬᠠᠨ ᠤ ᠲᠣᠭᠯᠠᠯᠲᠠ ᠶᠢ ᠥᠷᠨᠢᠭᠦᠯᠪᠡ᠃ ᠤᠳᠬ᠎ᠠ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠪᠠᠷ ᠳᠠᠮᠵᠢᠨ | ᠰᠡᠳᠬᠢᠯ ᠤᠨ ᠬᠥᠭᠦᠷᠭᠡ ᠶᠢ ᠪᠠᠶᠢᠭᠤᠯᠵᠤ᠂ ᠮᠡᠳᠡᠯᠭᠡ ᠶᠢᠨ ᠤᠬᠠᠭᠤᠯᠭ᠎ᠠ ᠪᠠᠷ ᠢᠵᠢᠯ ᠲᠥᠪᠲᠦ ᠲᠣᠭᠤᠷᠢᠭ ᠢ | ᠪᠠᠶᠢᠭᠤᠯᠵᠤ᠂ ᠰᠣᠶᠣᠯ ᠤᠬᠠᠭᠤᠯᠭ᠎ᠠ ᠶᠢᠨ ᠰᠦᠯᠵᠢᠯᠳᠦᠯ ᠲᠣᠣᠷ ᠢ ᠪᠠᠶᠢᠭᠤᠯᠵᠤ᠂ ᠰᠢᠭᠤᠳᠬᠤ᠂ | ᠤᠷᠠᠯᠢᠭᠵᠢᠭᠤᠯᠬᠤ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠠᠭ ᠦᠶ᠎ᠡ ᠶᠢᠨ ᠬᠦᠴᠦᠲᠦ | ᠳᠠᠭᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ | ᠰᠠᠷ᠎ᠠ ᠳᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠨᠡᠮᠡᠷᠢᠯᠡᠪᠡ᠃ ᠵᠢᠤ ᠶᠤᠸᠠᠨ ᠲᠣᠭᠤᠷᠢᠭ ᠤᠨ | ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠹᠠᠨ ᠲᠢᠩ ᠲᠢᠩ᠂ ᠵᠢᠤ ᠶᠤᠸᠠᠨ | ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠴᠧᠨ ᠮᠢᠨ᠂ ᠰᠠᠶᠢᠬᠠᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠨᠢᠭᠡᠳᠦᠮᠡᠯ ᠹᠷᠣᠨᠲ ᠤᠨ ᠭᠡᠰᠢᠭᠦᠨ᠂ ᠤᠯᠤᠰ | ᠲᠥᠷᠥ ᠬᠠᠤᠯᠢ ᠴᠠᠭᠠᠵᠠ ᠶᠢᠨ ᠭᠡᠰᠢᠭᠦᠨ ᠯᠢ ᠶᠠ ᠰᠢᠩ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠡᠬᠢᠯᠡᠯᠲᠡ ᠳᠤ《 ᠪᠠᠭᠠᠲᠤᠷᠴᠤᠳ ᠤᠨ ᠮᠠᠭᠲᠠᠭᠠᠯ 》ᠭᠡᠬᠦ ᠶᠡᠭᠡ ᠨᠠᠶᠢᠷᠠᠯ ᠳᠠᠭᠤᠤ ᠪᠠᠷ ᠪᠥᠬᠦ | ᠲᠠᠯᠠᠪᠠᠶ ᠶᠢ ᠬᠦᠭᠵᠢᠭᠡᠪᠡ︔《 ᠪᠢ ᠴᠢᠮ᠎ᠠ ᠳᠤ ᠬᠠᠢᠷᠠᠲᠠᠢ ᠳᠤᠮᠳᠠᠳᠤ ᠤᠯᠤᠰ 》ᠭᠡᠰᠡᠨ ᠢᠷᠡᠭᠤ ᠳᠠᠭᠤᠨ ᠤᠯᠤᠰ | ᠭᠡᠷ ᠤᠨ ᠢᠶᠠᠨ ᠮᠥᠷᠥᠭᠡᠳᠦᠯ ᠢ ᠲᠣᠭᠠᠴᠢᠪᠠ︔ ᠴᠠᠷᠭᠢᠯ ᠬᠤᠯᠪᠣᠭ᠎ᠠ《 ᠢᠷᠥᠭᠡᠯ 》 ᠨᠢ ᠴᠡᠪᠡᠷ ᠲᠤᠩᠭᠠᠯᠠᠭ᠂ | ᠬᠠᠯᠠᠭᠤᠨ ᠳᠤᠯᠠᠭᠠᠨ ᠵᠥᠩᠨᠡᠯ ᠢ ᠬᠠᠷᠢᠶᠠᠲᠤ ᠣᠷᠣᠨ ᠤ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠳᠡᠷᠭᠡᠳᠡ | ᠬᠦᠷᠭᠡᠪᠡ︔ ᠠᠭᠤᠳᠠᠮ ᠲᠠᠯᠠᠪᠠᠢ ᠶᠢᠨ ᠪᠥᠵᠢᠭ《 ᠡᠭᠡ ᠤᠯᠤᠰ ᠢᠶᠠᠨ ᠮᠠᠭᠲᠠᠨ ᠳᠠᠭᠤᠯᠠᠶ᠎ᠠ 》 ᠨᠢ ᠪᠠᠶᠠᠷ | ᠪᠠᠶᠠᠰᠬᠤᠯᠠᠩ ᠲᠠᠢ ᠪᠥᠵᠢᠭ ᠤᠨ ᠠᠯᠬᠤᠭ᠎ᠠ ᠪᠠᠷ ᠡᠭᠡ ᠤᠯᠤᠰ ᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ | ᠢᠯᠡᠳᠬᠡᠵᠦ᠂ ᠪᠠᠭ᠎ᠠ ᠨᠠᠶᠢᠷᠠᠯ ᠳᠠᠭᠤᠤ《 ᠦᠵᠡᠰᠬᠦᠯᠡᠩᠲᠦ ᠰᠠᠶᠢᠬᠠᠨ ᠮᠢᠨᠦ ᠨᠤᠲᠤᠭ》 ᠨᠢ ᠪᠢᠳᠠᠨ ᠢ ᠬᠥᠬᠡᠮᠳᠦᠭ | ᠲᠠᠯ᠎ᠠ ᠨᠤᠲᠤᠭ ᠲᠤ ᠠᠪᠴᠢᠷᠠᠵᠤ᠂ ᠤᠯᠠᠮᠵᠢᠯᠠᠯ ᠪᠣᠯᠤᠨ ᠤᠳᠤ ᠦᠶ᠎ᠡ᠂ ᠬᠥᠭᠵᠢᠮ ᠪᠣᠯᠤᠨ ᠳᠠᠭᠤᠤ ᠪᠥᠵᠢᠭ | ᠰᠣᠯᠪᠢᠴᠠᠨ ᠮᠥᠷᠭᠦᠯᠳᠦᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠠᠭᠤᠰᠤᠯᠴᠠᠭᠰᠠᠨ ᠢᠷᠠᠭᠤ | ᠬᠠᠭᠤᠳᠠᠰᠤ ᠶᠢ ᠬᠠᠮᠲᠤ ᠪᠠᠷ ᠪᠢᠴᠢᠭᠯᠡᠪᠡ᠃ | | | | ᠲᠤᠬᠠᠶ ᠶᠢᠨ ᠲᠠᠯᠠᠪᠠᠶ ᠶᠢᠨ ᠠᠵᠢᠯᠲᠠᠳ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠳᠡᠪᠲᠡᠷ ᠢ ᠰᠠᠭᠤᠭᠠᠯᠢ ᠠᠷᠠᠳ ᠲᠤ ᠲᠠᠷᠬᠠᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ | ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ᠂ | ᠲᠤᠬᠠᠶ ᠶᠢᠨ ᠲᠠᠯᠠᠪᠠᠶ ᠳᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠮᠡᠳᠡᠯᠭᠡ ᠶᠢ ᠲᠠᠷᠢᠬᠢᠨ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠪᠠ᠃ | ᠢᠷᠠᠭᠤ ᠰᠠᠶᠢᠬᠠᠨ ᠰᠣᠩᠭᠤᠳᠠᠭ ᠳᠠᠭᠤᠤ ᠬᠥᠭᠵᠢᠮ ᠤᠨ ᠠᠶᠠᠰ ᠴᠤᠤᠷᠢᠶᠠᠲᠤᠬᠤ ᠦᠶ᠎ᠡ ᠳᠤ᠂ ᠢᠷᠠᠭᠤ | ᠰᠠᠶᠢᠬᠠᠨ ᠮᠠᠨᠵᠤ ᠲᠡᠷᠯᠢᠭ ᠠᠯᠭᠤᠷᠬᠠᠨ ᠢᠶᠠᠷ ᠲᠣᠭᠯᠠᠵᠤ᠂ ᠢᠷᠠᠭᠤ ᠰᠠᠶᠢᠬᠠᠨ ᠪᠥᠵᠢᠭ ᠤᠨ ᠳᠦᠷᠢ ᠪᠠᠶᠢᠳᠠᠯ ᠨᠢ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠪᠢᠯᠬᠠᠵᠤ᠂ ᠡᠨᠡ ᠬᠦ ᠠᠵᠢᠯᠯᠠᠭ᠎ᠠ ᠳᠤ ᠲᠡᠭᠦᠰ | ᠠᠮᠵᠢᠯᠲᠠ ᠲᠠᠢ ᠲᠡᠭᠦᠰᠬᠡᠯ ᠢ ᠵᠢᠷᠤᠵᠤ ᠥᠭᠴᠡᠢ᠃ ᠲᠤᠰ ᠤᠳᠠᠭᠠᠨ ᠤ ᠠᠵᠢᠯᠯᠠᠭ᠎ᠠ ᠨᠢ ᠤᠯᠠᠨ ᠡᠰᠢᠴᠢᠯᠡᠭᠰᠡᠨ | ᠰᠢᠨ᠎ᠡ ᠶᠢ ᠡᠭᠦᠳᠬᠦ ᠬᠡᠯᠪᠡᠷᠢ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠪᠠᠲᠤ | ᠪᠠᠬᠢ ᠬᠥᠭᠦᠷᠭᠡ ᠶᠢ ᠪᠠᠶᠢᠭᠤᠯᠪᠠ᠃ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠪᠠᠶᠠᠷ ᠪᠠᠶᠠᠰᠤᠯ ᠤᠨ ᠳᠤᠮᠳᠠ | ᠨᠥᠬᠦᠷᠯᠡᠯ ᠢᠶᠠᠨ ᠵᠤᠵᠠᠭᠠᠳᠬᠠᠵᠤ᠂《 ᠠᠬ᠎ᠠ ᠳᠡᠭᠦᠦ ᠮᠡᠲᠦ ᠳᠣᠲᠣᠨᠣ᠂ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ 》ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠲᠠᠶᠢᠯᠪᠤᠷᠢᠯᠠᠵᠤ᠂《 | ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ 》ᠴᠠᠭ ᠦᠶ᠎ᠡ ᠶᠢᠨ | ᠠᠭᠤᠯᠤᠭᠳᠠᠬᠤᠨ ᠢ ᠭᠦᠢᠴᠡᠳ ᠢᠯᠡᠷᠡᠭᠦᠯᠪᠡ᠃ ᠢᠷᠡᠭᠡᠳᠦᠢ ᠳᠤ᠂ ᠴᠢᠩ ᠨᠢᠶᠡᠨ ᠭᠡᠷ ᠬᠤᠷᠢᠶᠠᠯᠠᠯ ᠢᠮᠠᠭᠲᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠤᠯᠠᠨ ᠵᠦᠢᠯ ᠤᠨ ᠬᠡᠯᠪᠡᠷᠢ ᠪᠦᠬᠦᠢ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠤᠬᠠᠭᠠᠯᠠᠨ | ᠥᠷᠨᠢᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠤᠭᠤᠷᠣᠨᠳᠣᠬᠢ ᠶᠠᠪᠤᠯᠴᠠᠭ᠎ᠠ᠂ ᠰᠣᠯᠢᠯᠴᠠᠭ᠎ᠠ | ᠪᠠ ᠠᠭᠤᠰᠤᠯᠴᠠᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠡᠩ ᠦᠵᠡᠰᠬᠦᠯᠡᠩᠲᠦ ᠰᠠᠶᠢᠬᠠᠨ ᠳᠤᠯᠠᠭᠠᠨ | ᠬᠤᠳᠠ ᠶᠢᠨ ᠵᠣᠯ ᠵᠢᠷᠭᠠᠯ ᠤᠨ ᠬᠠᠭᠤᠳᠠᠰᠤ ᠶᠢ ᠬᠠᠮᠲᠤ ᠪᠠᠷ ᠵᠢᠷᠤᠭᠯᠠᠬᠤ ᠪᠣᠯᠤᠨ᠎ᠠ᠃ | | | | | | |