ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠡᠵᠢᠭᠡᠯ ᠪᠣᠷᠳᠤᠭ᠎ᠠ | ᠦᠢᠯᠡᠳᠪᠦᠷᠢᠯᠡᠬᠦ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠬᠤ ᠶᠢᠨ ᠲᠥᠯᠥᠭᠡ᠂ | ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ《 | 2025 ᠣᠨ ᠤ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠲᠥᠰᠦᠯ 》 ᠤᠨ ᠱᠠᠭᠠᠷᠳᠠᠯᠭ᠎ᠠ ᠶᠢ ᠦᠨᠳᠦᠰᠦᠯᠡᠨ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠪᠤᠭᠤᠲᠤ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠤ ᠲᠥᠪ ᠲᠠᠢ ᠬᠠᠮᠲᠤᠷᠠᠨ 5 ᠰᠠᠷ᠎ᠠ ᠶᠢᠨ 16 ᠤ ᠡᠳᠦᠷ ᠵᠢᠤ ᠶᠤᠸᠠᠨ | ᠲᠣᠭᠤᠷᠢᠭ ᠲᠤ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠭᠤᠭᠴᠣᠭᠠᠨ ᠤ ᠠᠮᠤᠷ ᠲᠦᠪᠰᠢᠨ ᠦᠢᠯᠡᠳᠪᠦᠷᠢᠯᠡᠯ ᠤᠨ | ᠥᠯᠢᠭᠡᠷ ᠠᠪᠴᠤ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠠᠵᠢᠯ ᠤᠨ ᠵᠣᠷᠢᠯᠭ᠎ᠠ ᠨᠢ | ᠲᠡᠵᠢᠭᠡᠯ ᠪᠣᠷᠳᠤᠭ᠎ᠠ ᠦᠢᠯᠡᠳᠪᠦᠷᠢᠯᠡᠬᠦ ᠶᠠᠪᠤᠴᠠ ᠳᠠᠬᠢ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠠᠪᠤᠳᠠᠯ ᠪᠣᠯᠤᠨ᠎ᠠ᠃ | | | | ᠲᠣᠰ ᠤᠳᠠᠭᠠᠨ ᠤ ᠥᠯᠢᠭᠡᠷ ᠠᠪᠴᠤ ᠰᠢᠯᠭᠠᠨ ᠪᠠᠶᠢᠴᠠᠭᠠᠬᠤ ᠳᠤ ᠲᠣᠰ ᠬᠠᠷᠢᠶ᠎ᠠ ᠣᠷᠣᠨ ᠤ 8 ᠲᠡᠵᠢᠭᠡᠯ | ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠬᠠᠮᠤᠷᠴᠤ᠂ ᠲᠣᠮᠣ ᠬᠡᠯᠪᠡᠷᠢ ᠶᠢᠨ᠂ ᠳᠤᠮᠳᠠ ᠬᠡᠯᠪᠡᠷᠢ ᠶᠢᠨ ᠪᠠ | ᠵᠢᠵᠢᠭ ᠬᠡᠯᠪᠡᠷᠢ ᠶᠢᠨ ᠡᠯ᠎ᠡ ᠲᠥᠷᠥᠯ ᠤᠨ ᠬᠡᠪᠴᠢᠶᠡᠲᠦ ᠠᠵᠤ ᠠᠬᠤᠶᠢᠯᠠᠯ ᠢ ᠪᠠᠭᠲᠠᠭᠠᠵᠤ᠂ ᠭᠤᠤᠯᠳᠠᠭᠤ ᠬᠡᠪᠢᠬᠦ | ᠲᠡᠵᠢᠭᠡᠯ ᠪᠣᠷᠳᠣᠭᠠᠨ ᠤ ᠦᠢᠯᠡᠳᠪᠦᠷᠢᠯᠡᠬᠦ ᠭᠤᠭᠴᠤᠭ᠎ᠠ ᠳᠤ ᠬᠤᠯᠪᠣᠭᠳᠠᠨ᠎ᠠ᠃ ᠨᠠᠶᠢᠷᠠᠭᠤᠯᠤᠭᠰᠠᠨ ᠪᠤᠷᠳᠤᠭ᠎ᠠ᠂ | ᠨᠠᠷᠢᠯᠢᠭ ᠨᠦᠬᠦᠪᠦᠷᠢᠯᠡᠬᠦ ᠪᠤᠷᠳᠤᠭ᠎ᠠ ᠶᠢ ᠨᠠᠶᠢᠳᠠ 20 ᠪᠦᠯᠦᠭ ᠤᠳᠠᠭ᠎ᠠ ᠰᠤᠭᠤᠴᠢᠨ ᠪᠠᠶᠢᠴᠠᠭᠠᠪᠠ᠃ ᠪᠠᠶᠢᠴᠠᠭᠠᠬᠤ | ᠲᠦᠷᠦᠯ ᠵᠦᠢᠯ ᠳᠤ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠪᠦᠷᠢᠯᠳᠦᠬᠦᠨ ( ᠵᠢᠱᠢᠶᠡᠯᠡᠪᠡᠯ ᠪᠦᠳᠦᠭᠦᠯᠢᠭ | ᠤᠭᠤᠷᠠᠭ᠂ ᠪᠦᠳᠦᠭᠦᠯᠢᠭ ᠥᠭᠡᠬᠦ᠂ ᠺᠠᠯᠼ᠂ ᠹᠣᠰᠹᠣᠷ ᠵᠡᠷᠭᠡ )᠂ ᠡᠷᠡᠭᠦᠯ ᠬᠠᠮᠠᠭᠠᠯᠠᠯ ᠤᠨ ᠭᠦᠢᠴᠡᠳᠬᠡᠯ ᠲᠤᠭ᠎ᠠ ( | ᠵᠢᠱᠢᠶᠡᠯᠡᠪᠡᠯ ᠬᠦᠨᠳᠦ ᠲᠡᠮᠦᠷᠯᠢᠭ ᠤᠨ ᠠᠭᠤᠯᠤᠭᠳᠠᠴᠠ᠂ ᠬᠥᠭᠡᠴᠦ ᠶᠢᠨ ᠬᠤᠣᠷᠲᠤ ᠡᠳ᠋᠂ ᠮᠢᠺᠷᠣᠪ ᠤᠨ | ᠭᠦᠢᠴᠡᠳᠬᠡᠯ ᠲᠤᠭ᠎ᠠ ᠵᠡᠷᠭᠡ ) ᠵᠢᠴᠢ ᠬᠤᠷᠢᠭ᠎ᠠ ᠠᠴᠠ ᠵᠥᠷᠢᠴᠡᠭᠰᠡᠨ ᠨᠡᠮᠡᠯᠲᠡ ᠪᠣᠳᠠᠰ ᠪᠠᠶᠢᠬᠤ ᠡᠰᠡᠬᠦ ( | ᠵᠢᠱᠢᠶᠡᠯᠡᠪᠡᠯ ᠬᠠᠷ᠎ᠠ ᠮᠢᠬᠠᠯᠠᠭᠤᠯᠬᠤ ᠬᠠᠨᠳᠠ᠂ ᠨᠢᠶᠠᠨ ᠳᠠᠷᠤᠭᠴᠢ ᠵᠡᠷᠭᠡ ) ᠪᠠᠭᠲᠠᠨ᠎ᠠ᠃ ᠡᠭᠦᠨ ᠤ ᠬᠠᠮᠲᠤ ᠲᠡᠵᠢᠭᠡᠯ | ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠮᠤᠷ ᠲᠦᠪᠰᠢᠨ ᠦᠢᠯᠡᠳᠪᠦᠷᠢᠯᠡᠯ ᠤᠨ ᠨᠥᠬᠦᠴᠡᠯ ᠳᠤ ᠪᠥᠬᠦ | ᠲᠠᠯ᠎ᠠ ᠶᠢᠨ ᠪᠠᠶᠢᠴᠠᠭᠠᠯᠲᠠ ᠬᠢᠪᠠ᠂ ᠡᠭᠦᠨ ᠳᠤ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ | ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠠᠰᠢᠭᠲᠤ ᠴᠢᠨᠠᠷ᠂ ᠲᠣᠭᠤᠰᠣ ᠳᠡᠯᠪᠡᠷᠡᠬᠦ ᠠᠴᠠ | ᠰᠡᠷᠭᠡᠶᠢᠯᠡᠬᠦ ᠠᠷᠭ᠎ᠠ ᠬᠡᠮᠵᠢᠶ᠎ᠡ᠂ ᠴᠠᠬᠢᠯᠭᠠᠨ ᠲᠥᠬᠦᠭᠡᠷᠦᠮᠵᠢ ᠶᠢᠨ ᠠᠮᠤᠷ ᠲᠦᠪᠰᠢᠨ ᠤ ᠴᠢᠨᠠᠷ ᠵᠢᠴᠢ ᠠᠮᠤᠷ | ᠲᠦᠪᠰᠢᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ | ᠵᠡᠷᠭᠡ ᠪᠠᠭᠲᠠᠨ᠎ᠠ᠃ | ᠦᠯᠢᠭᠡᠷ ᠠᠪᠬᠤ ᠠᠵᠢᠯᠲᠠᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨᠠᠯᠲᠠ ᠲᠠᠯᠪᠢᠵᠤ ᠦᠯᠢᠭᠡᠷ | ᠠᠪᠬᠤ ᠪᠠ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠠᠵᠢᠯ ᠤᠨ ᠴᠤᠪᠤᠷᠠᠯ ᠳᠤ ᠲᠣᠭᠲᠠᠭᠠᠭᠰᠠᠨ ᠦᠯᠢᠭᠡᠷ ᠠᠪᠬᠤ | ᠠᠷᠭ᠎ᠠ ᠪᠠᠷ ᠴᠢᠩᠭ᠎ᠠ ᠠᠵᠢᠯᠯᠠᠵᠤ᠂ ᠪᠠᠶᠢᠴᠠᠭᠠᠭᠳᠠᠬᠤ ᠠᠵᠤ ᠠᠬᠤᠶᠢᠯᠠᠯ ᠨᠢᠭᠡᠪᠦᠷᠢ ᠶᠢᠨ ᠪᠦᠲᠦᠭᠡᠭᠳᠡᠬᠦᠨ ᠤ | ᠬᠥᠮᠥᠷᠭᠡ ᠠᠴᠠ ᠠᠳᠠᠯᠢ ᠪᠤᠰᠤ ᠪᠦᠯᠦᠭ᠂ ᠠᠳᠠᠯᠢ ᠪᠤᠰᠤ ᠪᠠᠷᠢᠮᠵᠢᠶ᠎ᠠ ᠪᠦᠬᠦᠢ ᠲᠡᠵᠢᠭᠡᠯ ᠪᠣᠷᠳᠣᠭᠠᠨ ᠤ | ᠪᠦᠲᠦᠭᠡᠭᠳᠡᠬᠦᠨ ᠢ ᠲᠠᠰᠢᠷᠠᠮ ᠢᠶᠠᠷ ᠰᠣᠩᠭᠤᠨ ᠠᠪᠴᠤ ᠦᠯᠢᠭᠡᠷ ᠪᠣᠯᠭᠠᠵᠤ᠂ ᠦᠯᠢᠭᠡᠷ ᠤᠨ ᠲᠥᠯᠥᠭᠡᠯᠡᠬᠦ ᠴᠢᠨᠠᠷ ᠪᠠ | ᠦᠨᠡᠨ ᠪᠣᠳᠠᠲᠤ ᠴᠢᠨᠠᠷ ᠢ ᠦᠨᠡᠨᠬᠦ ᠪᠠᠲᠤᠯᠠᠪᠠ᠃ ᠦᠯᠢᠭᠡᠷ ᠠᠪᠬᠤ ᠶᠠᠪᠤᠴᠠ ᠳᠤ᠂ ᠦᠢᠯᠡᠳᠬᠦᠨ ᠤ ᠨᠡᠷᠡᠶᠢᠳᠦᠯ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠦᠢᠯᠡᠳᠪᠦᠷᠢᠯᠡᠭᠰᠡᠨ ᠪᠦᠯᠦᠭ ᠤᠳᠠᠭ᠎ᠠ᠂ ᠬᠡᠷᠡᠭᠵᠢᠭᠦᠯᠬᠦ ᠪᠠᠷᠢᠮᠵᠢᠶ᠎ᠠ᠂ | ᠦᠢᠯᠡᠳᠪᠦᠷᠢᠯᠡᠭᠰᠡᠨ ᠠᠵᠤ ᠠᠬᠤᠶᠢᠯᠠᠯ ᠤᠨ ᠨᠡᠷᠡᠶᠢᠳᠦᠯ ᠵᠢᠴᠢ ᠬᠠᠶᠢᠭ ᠵᠡᠷᠭᠡ ᠮᠡᠳᠡᠭᠡ ᠵᠠᠩᠭᠢ ᠶᠢ ᠨᠠᠷᠢᠨ | ᠲᠡᠮᠳᠡᠭᠯᠡᠨ᠎ᠡ᠃ ᠦᠯᠢᠭᠡᠷ ᠢ ᠰᠤᠭᠤᠴᠢᠨ ᠠᠪᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ᠪᠢᠲᠡᠭᠦᠮᠵᠢᠯᠡᠨ | ᠬᠠᠳᠠᠭᠠᠯᠠᠬᠤ ᠶᠢᠨ ᠬᠠᠮᠲᠤ ᠦᠯᠢᠭᠡᠷ ᠠᠪᠬᠤ ᠠᠵᠢᠯᠲᠠᠨ᠂ ᠪᠠᠶᠢᠴᠠᠭᠠᠭᠳᠠᠬᠤ ᠠᠵᠤ ᠠᠬᠤᠶᠢᠯᠠᠯ ᠤᠨ ᠲᠥᠯᠥᠭᠡᠯᠡᠭᠴᠢ | ᠪᠣᠯᠤᠨ ᠪᠠᠶᠢᠴᠠᠭᠠᠨ ᠬᠡᠮᠵᠢᠬᠦ ᠰᠠᠯᠠᠭ᠎ᠠ ᠮᠥᠴᠢᠷ ᠭᠤᠷᠪᠠᠨ ᠲᠠᠯ᠎ᠠ ᠠᠴᠠ ᠭᠠᠷ ᠤᠨ ᠦᠰᠦᠭ ᠵᠢᠷᠤᠵᠤ ᠨᠤᠲᠠᠯᠠᠨ᠂ | ᠦᠯᠢᠭᠡᠷ ᠤᠨ ᠡᠷᠭᠢᠯᠲᠡ ᠶᠢᠨ ᠶᠠᠪᠤᠴᠠ ᠶᠢᠨ ᠵᠢᠷᠤᠮᠵᠢᠯᠲᠤ ᠴᠢᠨᠠᠷ ᠪᠣᠯᠤᠨ ᠭᠤᠣᠯᠴᠢ ᠴᠢᠨᠠᠷ ᠢ ᠪᠠᠲᠤᠯᠠᠨ᠎ᠠ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠡᠵᠢᠭᠡᠯ | ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠶ | ᠵᠦᠢᠯ ᠤᠨ ᠪᠠᠶᠢᠴᠠᠭᠠᠯᠲᠠ ᠶᠢᠨ ᠤᠳᠠᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠭᠤᠴᠢᠨ ᠪᠠᠶᠢᠴᠠᠭᠠᠬᠤ | ᠬᠡᠪᠴᠢᠶ᠎ᠡ ᠪᠠᠨ ᠥᠷᠭᠡᠳᠬᠡᠨ᠂ ᠰᠤᠭᠤᠴᠢᠨ ᠪᠠᠶᠢᠴᠠᠭᠠᠬᠤ ᠲᠥᠷᠥᠯ ᠵᠦᠢᠯ ᠢᠶᠠᠨ ᠨᠡᠮᠡᠭᠳᠡᠭᠦᠯᠵᠦ᠂ ᠲᠡᠵᠢᠭᠡᠯ | ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ | ᠪᠠᠲᠤᠯᠠᠨ᠎ᠠ︔ ᠡᠭᠦᠨ ᠤ ᠬᠠᠮᠲᠤ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠡᠬᠢ ᠡᠭᠦᠰᠦᠯ ᠠᠴᠠ | ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠲᠡᠵᠢᠭᠡᠯ ᠪᠣᠷᠳᠣᠭᠠᠨ ᠤ ᠠᠵᠢᠯ ᠲᠥᠷᠥᠯ ᠤᠨ ᠡᠷᠡᠭᠦᠯ ᠢᠶᠠᠷ | ᠬᠥᠭᠵᠢᠬᠦ ᠶᠢ ᠡᠬᠢ ᠡᠭᠦᠰᠦᠯ ᠠᠴᠠ ᠨᠢ ᠪᠠᠲᠤᠯᠠᠨ᠂ ᠮᠠᠨ ᠤ ᠲᠤᠭᠤᠷᠢᠭ ᠤᠨ ᠲᠡᠵᠢᠭᠡᠯ ᠪᠣᠷᠳᠣᠭᠠᠨ ᠤ ᠠᠵᠢᠯ | ᠲᠥᠷᠥᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠪᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠳᠤ | ᠬᠦᠴᠦᠲᠡᠶ ᠪᠠᠲᠤᠯᠠᠭ᠎ᠠ ᠬᠠᠩᠭᠠᠨ᠎ᠠ᠃ | | | | | | |