ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠰᠤᠷᠭᠠᠭᠤᠯᠢ ᠶᠢᠨ ᠬᠦᠷᠢᠶᠡᠨ ᠳᠤ ᠣᠷᠣᠵᠤ ᠦᠰᠦᠨ ᠪᠤᠶᠢᠵᠢᠯᠲᠠ ᠶᠢ ᠬᠠᠮᠠᠭᠠᠯᠠᠨ᠂ ᠠᠮᠤᠷ ᠲᠦᠪᠰᠢᠨ ᠢ ᠴᠣᠭᠴᠠᠯᠠᠶ᠎ᠠ
ᠨᠡᠶᠢᠲᠡᠯᠡᠭᠰᠡᠨ ᠴᠠᠭ᠄
2025/5/20
    ᠰᠤᠷᠭᠠᠭᠤᠯᠢ ᠶᠢᠨ ᠬᠦᠷᠢᠶᠡᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 5 ᠰᠠᠷ᠎ᠠ ᠶᠢᠨ 15  ᠤ ᠦᠳᠡ ᠶᠢᠨ ᠬᠤᠶᠢᠨ᠎ᠠ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠵᠢᠤ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠰᠠᠶᠢᠬᠠᠨ ᠲᠣᠮᠢᠯᠠᠭᠰᠠᠨ ᠰᠠᠯᠪᠤᠷᠢ᠂ ᠵᠢᠤ ᠶᠤᠸᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠪᠤᠭᠤᠲᠤ ᠶᠢᠨ ᠭᠠᠳᠠᠭᠠᠳᠤ ᠬᠡᠯᠡᠨ ᠤ ᠲᠤᠷᠰᠢᠯᠲᠠ ᠶᠢᠨ ᠰᠤᠷᠭᠠᠭᠤᠯᠢ ᠵᠢᠴᠢ ᠪᠤᠭᠤᠲᠤ ᠬᠤᠲᠠ ᠶᠢᠨ ᠳ᠋ᠧ ᠶᠦᠩ ᠠᠮᠤᠷ ᠢ ᠬᠠᠮᠠᠭᠠᠯᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠪᠤᠭᠤᠲᠤ ᠬᠤᠲᠠ ᠶᠢᠨ ᠭᠠᠳᠠᠭᠠᠳᠤ ᠬᠡᠯᠡᠨ ᠤ ᠲᠤᠷᠰᠢᠯᠲᠠ ᠶᠢᠨ ᠰᠤᠷᠭᠠᠭᠤᠯᠢ ᠳᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠰᠣᠷᠢᠯᠲᠠ ᠬᠢᠪᠠ᠃
11.jpg
    ᠲᠣᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠬᠠᠮᠲᠤᠷᠠᠭᠰᠠᠨ ᠰᠣᠷᠢᠯᠲᠠ ᠨᠢ ᠡᠯ᠎ᠡ ᠨᠢᠭᠡᠴᠢ ᠶᠢᠨ ᠰᠤᠷᠭᠠᠭᠤᠯᠢ ᠶᠢᠨ ᠬᠦᠷᠢᠶᠡᠨ ᠳᠠᠬᠢ ᠭᠡᠨᠡᠳᠲᠡ ᠡᠭᠦᠰᠦᠭᠰᠡᠨ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠢ ᠠᠷᠭᠠᠴᠠᠬᠤ ᠦᠶ᠎ᠡ ᠶᠢᠨ ᠲᠦᠷᠭᠡᠨ ᠲᠤᠰᠬᠠᠯ ᠭᠠᠷᠭᠠᠬᠤ ᠴᠢᠳᠠᠪᠤᠷᠢ᠂ ᠬᠠᠮᠵᠢᠯᠴᠠᠨ ᠪᠠᠶᠢᠯᠳᠤᠬᠤ ᠴᠢᠳᠠᠪᠤᠷᠢ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠰᠢᠯᠭᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号