ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠱᠠ ᠾᠧ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ《 ᠠᠷᠠᠳ ᠲᠦᠮᠡᠨ ᠳᠤ ᠮᠡᠳᠡᠭᠦᠯᠬᠦ 》ᠨᠠᠮ ᠤᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/20
    ᠤᠶᠢᠷ᠎ᠠ ᠳᠤ᠂ ᠱᠠ ᠾᠧ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠬᠠᠨ ᠴᠢᠩ ᠪᠠ ᠬᠤᠶᠠᠳᠤᠭᠠᠷ ᠭᠡᠷ ᠬᠤᠷᠢᠶᠠᠯᠠᠯ ᠲᠠᠢ ᠭᠠᠷ ᠬᠤᠯᠪᠣᠨ《 ᠠᠷᠠᠳ ᠲᠦᠮᠡᠨ ᠳᠤ ᠮᠡᠳᠡᠭᠦᠯᠬᠦ 》ᠨᠠᠮ ᠤᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ᠂ ᠤᠯᠠᠨ ᠲᠦᠮᠡᠨ ᠳᠤ ᠦᠢᠯᠡᠴᠢᠯᠡᠬᠦ᠂ ᠵᠥᠷᠢᠴᠡᠯ ᠢ ᠰᠢᠢᠳᠪᠦᠷᠢᠯᠡᠬᠦ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠭᠤᠣᠯ ᠡᠭᠦᠷᠭᠡ ᠪᠠᠷ ᠭᠤᠣᠯᠳᠠᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠴᠠᠭᠳᠠᠭ᠎ᠠ ᠭᠡᠷ ᠬᠤᠷᠢᠶᠠᠯᠠᠯ ᠤᠨ ᠬᠠᠮᠵᠢᠯᠴᠠᠨ ᠬᠠᠮᠲᠤ ᠪᠠᠷ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃
11.jpg
    ᠠᠵᠢᠯᠯᠠᠭ᠎ᠠ ᠳᠤᠮᠳᠠ᠂ ᠬᠠᠨ ᠴᠢᠩ ᠪᠠ ᠭᠡᠷ ᠬᠤᠷᠢᠶᠠᠯᠠᠯ ᠤᠨ ᠱᠦᠵᠢ《 ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ 》 ᠶᠢᠨ ᠭᠤᠣᠯ ᠰᠡᠳᠦᠪ ᠤᠨ ᠲᠣᠭᠤᠷᠢᠨ ᠳᠤ᠂ ᠭᠡᠷ ᠬᠤᠷᠢᠶᠠᠯᠠᠯ ᠤᠨ ᠲᠣᠣᠷᠵᠢᠭᠤᠯᠤᠭᠰᠠᠨ ᠬᠠᠮᠢᠶᠠᠷᠤᠯᠲᠠ᠂ ᠬᠥᠷᠰᠢ ᠵᠡᠷᠭᠡᠯᠡᠳᠡᠭᠡ ᠶᠢᠨ ᠵᠥᠷᠢᠴᠡᠯ ᠢ ᠡᠶᠡᠳᠡᠭᠦᠯᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠦᠢᠯᠡᠳᠦᠯᠭᠡ ᠵᠡᠷᠭᠡ ᠰᠢᠨ᠎ᠡ ᠰᠣᠷᠭᠤᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷᠠᠬᠢ ᠤᠯᠠᠨ ᠡᠰᠢᠲᠦ ᠭᠤᠣᠯ ᠴᠣᠭᠴᠠ ᠶᠢᠨ ᠬᠠᠮᠵᠢᠯᠴᠠᠨ ᠣᠷᠣᠯᠴᠠᠬᠤ ᠵᠠᠰᠠᠯᠲᠠ ᠶᠢᠨ ᠵᠠᠭᠪᠤᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠤᠬᠠᠢ ᠶᠢᠨ ᠲᠠᠯᠠᠪᠠᠢ ᠶᠢᠨ ᠨᠠᠮ ᠤᠨ ᠭᠡᠰᠢᠭᠦᠨ ᠤᠯᠠᠨ ᠲᠦᠮᠡᠨ ᠳᠤ ᠲᠤᠯᠢ ᠪᠣᠯᠭᠠᠵᠤ ᠪᠣᠯᠬᠤ ᠦᠨᠳᠦᠰᠦᠨ ᠱᠠᠲᠤᠨ ᠤ ᠵᠠᠰᠠᠯᠲᠠ ᠶᠢᠨ《 ᠠᠷᠭ᠎ᠠ ᠶᠢᠨ ᠤᠨᠤᠯ 》 ᠢ ᠬᠠᠩᠭᠠᠪᠠ᠃    ᠱᠠ ᠾᠧ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠣᠭᠴᠢ ᠨᠢ ᠬᠠᠷᠢᠶ᠎ᠠ ᠣᠷᠣᠨ ᠤ ᠠᠮᠤᠷ ᠢ ᠬᠠᠮᠠᠭᠠᠯᠠᠬᠤ ᠪᠣᠳᠠᠲᠤ ᠪᠠᠶᠢᠳᠠᠯ ᠳᠤ ᠰᠠᠭᠤᠷᠢᠯᠠᠨ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠭᠰᠡᠨ ᠲᠤᠭ᠎ᠠ ᠪᠠᠷᠢᠮᠲᠠ᠂ ᠠᠷᠠᠳ ᠤᠨ ᠠᠮᠢᠳᠤᠷᠠᠯ ᠤᠨ ᠴᠠᠭᠳᠠᠭᠠᠨ ᠤ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠲᠠᠯ᠎ᠠ ᠪᠠᠷ ᠣᠯᠠᠨ ᠲᠦᠮᠡᠨ ᠳᠤ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠪᠥᠬᠦ ᠲᠠᠯ᠎ᠠ ᠪᠠᠷ ᠬᠠᠷᠢᠭᠤ ᠮᠡᠳᠡᠭᠦᠯᠵᠦ᠂ ᠣᠨᠴᠠᠭᠠᠶᠢᠯᠠᠨ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠵᠠᠰᠠᠯᠲᠠ ᠶᠢᠨ ᠠᠷᠭ᠎ᠠ ᠬᠡᠮᠵᠢᠶ᠎ᠡ ᠪᠠᠨ ᠨᠠᠷᠢᠨ ᠲᠠᠨᠢᠯᠴᠠᠭᠤᠯᠤᠭᠰᠠᠨ ᠪᠥᠭᠡᠳ ᠲᠤᠬᠠᠶ ᠶᠢᠨ ᠲᠠᠯᠠᠪᠠᠶ ᠳᠤ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠨᠢᠭᠤᠷᠳᠠᠨ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂《 ᠠᠵᠢᠯ ᠤᠨ ᠰᠠᠨᠠᠭᠠᠴᠢᠯᠠᠭᠠᠲᠤ ᠡᠷᠬᠡ》 ᠶᠢ ᠣᠯᠠᠨ ᠲᠦᠮᠡᠨ ᠳᠤ ᠦᠨᠡᠨ ᠬᠦ ᠲᠤᠰᠢᠶᠠᠪᠠ᠃    ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠭᠤᠭᠴᠣᠭᠠᠨ ᠳᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠢ ᠬᠠᠷᠢᠶᠠᠲᠤ ᠣᠷᠣᠨ ᠤ ᠣᠯᠠᠨ ᠭᠠᠷᠳᠠᠭ《 ᠬᠤᠳᠠᠯ ᠬᠠᠭᠤᠷᠮᠠᠭ ᠢᠶᠠᠷ ᠪᠠᠯᠠ ᠣᠷᠣᠭᠤᠯᠤᠨ ᠡᠳ᠋ ᠤᠨ ᠶᠠᠪᠤᠳᠠᠯ ᠢ ᠬᠠᠮᠢᠶᠠᠷᠬᠤ 》᠂《 ᠵᠣᠴᠢᠨ ᠤ ᠦᠢᠯᠡᠴᠢᠯᠡᠭᠡ ᠪᠠᠷ ᠣᠪᠯᠠᠵᠤ ᠵᠣᠭᠤᠰ ᠪᠤᠴᠠᠭᠠᠬᠤ 》ᠵᠡᠷᠭᠡ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠬᠤᠶ ᠪᠠᠶᠢᠳᠠᠯ ᠤᠨ ᠳᠠᠭᠤᠷᠢᠶᠠᠮᠠᠯ᠂ ᠬᠠᠷᠢᠯᠴᠠᠨ ᠬᠥᠳᠡᠯᠦᠯᠴᠡᠨ ᠮᠠᠳᠠᠭ ᠲᠠᠢ ᠠᠰᠠᠭᠤᠳᠠᠯ ᠢ ᠬᠠᠷᠢᠭᠤᠯᠬᠤ ᠪᠠᠷ ᠳᠠᠮᠵᠢᠭᠤᠯᠤᠨ᠂《 ᠤᠯᠤᠰ ᠤᠨ ᠮᠡᠬᠡᠯᠡᠯ ᠢ ᠡᠰᠡᠷᠭᠦᠴᠡᠬᠦ ᠲᠥᠪ 》 ᠤᠨ APP ᠤᠭᠰᠠᠷᠠᠬᠤ ᠵᠡᠷᠭᠡ ᠬᠡᠯᠪᠡᠷᠢ ᠶᠢ ᠵᠢᠯᠣᠭᠤᠳᠤᠨ᠂ ᠰᠠᠭᠤᠭᠠᠯᠢ ᠠᠷᠠᠳ ᠲᠤ ᠮᠡᠬᠡᠯᠡᠯ ᠤᠨ ᠠᠷᠭ᠎ᠠ ᠵᠠᠮ ᠢ ᠭᠦᠨᠵᠡᠭᠡᠶ ᠵᠠᠳᠠᠯᠤᠨ ᠰᠢᠨᠵᠢᠯᠡᠵᠦ᠂《 ᠠᠮᠠᠷᠬᠠᠨ ᠢᠲᠡᠭᠡᠬᠦ ᠥᠬᠡᠶ᠂ ᠲᠠᠩᠰᠠ ᠰᠢᠯᠵᠢᠭᠦᠯᠬᠦ ᠥᠬᠡᠶ᠂ ᠢᠯᠡᠭᠦᠦ ᠬᠠᠷᠭᠤᠭᠤᠯᠬᠤ》ᠮᠡᠬᠡᠯᠡᠯ ᠢ ᠰᠡᠷᠭᠡᠶᠢᠯᠡᠬᠦ ᠭᠤᠤᠯᠳᠠᠯᠭ᠎ᠠ ᠶᠢ ᠲᠦᠭᠡᠮᠡᠯᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠵᠡᠷᠭᠡ ᠪᠠᠷ ᠥᠷᠨᠢᠭᠦᠯᠵᠦ᠂ ᠨᠠᠰᠤᠲᠠᠶᠢᠴᠤᠳ ᠵᠡᠷᠭᠡ ᠭᠤᠤᠯᠳᠠᠯᠭ᠎ᠠ ᠲᠠᠢ ᠬᠥᠮᠦᠰ ᠲᠤ ᠨᠢᠭᠡ ᠨᠢᠭᠡ  ᠳᠤᠨᠢ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠲᠠᠶᠢᠯᠤᠮᠵᠢ ᠬᠢᠵᠦ᠂ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠠᠵᠢᠯᠯᠠᠭ᠎ᠠ ᠨᠢ《 ᠬᠡᠯᠪᠡᠷᠢᠴᠢ ᠦᠵᠡᠯ ᠠᠴᠠ ᠵᠠᠶᠢᠯᠠᠰᠬᠢᠵᠦ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ 》ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠭᠡᠷ ᠬᠤᠷᠢᠶᠠᠯᠠᠯ ᠤᠨ ᠬᠠᠭᠤᠴᠢᠨ ᠰᠠᠭᠤᠭᠠᠯᠢ ᠲᠣᠭᠤᠷᠢᠭ ᠲᠥᠪᠯᠡᠷᠡᠭᠰᠡᠨ᠂ ᠨᠠᠰᠤᠲᠠᠶ ᠰᠠᠭᠤᠭᠠᠯᠢ ᠠᠷᠠᠳ ᠨᠡᠯᠢᠶᠡᠳ ᠣᠯᠠᠨ ᠪᠠᠶᠢᠬᠤ ᠣᠨᠴᠠᠯᠢᠭ ᠲᠠᠢ ᠨᠢᠭᠲᠠ ᠤᠶᠠᠯᠳᠤᠭᠤᠯᠤᠨ᠂ ᠬᠤᠯᠪᠣᠭᠠᠯᠠᠨ ᠰᠤᠷᠤᠯᠴᠠᠵᠤ ᠬᠤᠯᠪᠣᠭᠠᠯᠠᠨ ᠪᠠᠶᠢᠭᠤᠯᠬᠤ ᠶᠢ ᠲᠤᠰᠬᠠᠶ ᠰᠡᠳᠦᠪ ᠢᠶᠠᠷ ᠬᠢᠴᠢᠶᠡᠯᠯᠡᠬᠦ ᠳᠤ ᠠᠭᠤᠰᠤᠯᠴᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠮᠡᠬᠡᠯᠡᠯ ᠢ ᠡᠰᠡᠷᠭᠦᠴᠡᠬᠦ ᠤᠬᠠᠭᠤᠯᠭ᠎ᠠ ᠳᠤ ᠰᠢᠭᠢᠳᠬᠡᠵᠦ᠂《 ᠠᠵᠢᠯ ᠢᠶᠠᠨ ᠮᠡᠳᠡᠭᠦᠯᠬᠦ— ᠠᠷᠠᠳ ᠤᠨ ᠰᠠᠨᠠᠭ᠎ᠠ ᠶᠢ ᠰᠣᠨᠣᠰᠬᠤ —ᠦᠢᠯᠡᠴᠢᠯᠡᠭᠡ ᠶᠢ ᠨᠠᠶᠢᠳᠠᠪᠤᠷᠢᠵᠢᠭᠤᠯᠬᠤ 》ᠪᠢᠲᠡᠭᠦᠦ ᠴᠠᠭᠠᠷᠢᠭ ᠬᠡᠯᠬᠢᠶ᠎ᠡ ᠶᠢ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠶᠢᠨ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠭᠡᠯ ᠢ ᠦᠨᠡᠨ ᠬᠦ ᠣᠯᠠᠨ ᠲᠦᠮᠡᠨ ᠤ ᠣᠯᠵᠤ ᠬᠠᠷᠠᠬᠤ ᠲᠥᠷᠥᠭᠳᠡᠯ ᠲᠠᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂《 ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ 》ᠠᠮᠤᠷ ᠠᠮᠤᠭᠤᠯᠠᠩ ᠭᠡᠷ ᠬᠤᠷᠢᠶᠠᠯᠠᠯ ᠤᠨ ᠪᠠᠶᠢᠷᠢᠰᠢᠯ ᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号