ᠡᠮᠨᠡᠯᠭᠡ ᠪᠠ ᠬᠥᠮᠦᠵᠢᠯ ᠢ ᠠᠭᠤᠰᠤᠯᠴᠠᠭᠤᠯᠤᠨ ᠬᠠᠮᠲᠤ ᠪᠠᠷ ᠪᠠᠶᠢᠭᠤᠯᠵᠤ᠂ ᠡᠷᠡᠭᠦᠯ ᠰᠠᠷᠠᠭᠤᠯ ᠢᠷᠡᠭᠡᠳᠦᠶ ᠲᠠᠢ ᠭᠠᠷ ᠬᠤᠯᠪᠤᠯᠴᠠᠨ᠎ᠠ
ᠨᠡᠶᠢᠲᠡᠯᠡᠭᠰᠡᠨ ᠴᠠᠭ᠄
2025/5/21
    ᠨᠢᠯᠬ᠎ᠠ ᠬᠡᠦᠬᠡᠳ ᠪᠣᠯ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠨᠢᠯᠬ᠎ᠠ ᠬᠡᠦᠬᠡᠳ ᠤᠨ ᠡᠷᠡᠭᠦᠯ ᠮᠡᠨᠳᠦ ᠪᠣᠯ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠤᠨ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠢ ᠰᠠᠶᠢᠲᠤᠷ ᠬᠡᠷᠡᠭᠵᠢᠭᠦᠯᠵᠦ᠂ ᠨᠢᠯᠬ᠎ᠠ ᠬᠡᠦᠬᠡᠳ ᠤᠨ ᠰᠤᠷᠭᠠᠨ ᠬᠥᠮᠦᠵᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠯᠪᠠᠨ ᠠᠴᠠ ᠪᠠᠶᠢᠭᠤᠯᠤᠭᠰᠠᠨ ᠴᠢᠨᠠᠷ ᠰᠠᠶᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠬᠤ ᠶᠢᠨ ᠲᠥᠯᠥᠭᠡ᠂ ᠳᠠᠯᠠᠨ ᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠠᠷᠢᠶ᠎ᠠ ᠣᠷᠣᠨ ᠤ ᠣᠯᠠᠨ ᠨᠡᠶᠢᠳᠡᠨ ᠬᠦᠮᠦᠵᠢᠭᠦᠯᠬᠦ ᠪᠠᠶᠢᠭᠤᠯᠤᠮᠵᠢ ᠲᠠᠢ ᠭᠠᠷ ᠬᠤᠯᠪᠣᠨ᠂ ᠡᠮᠨᠡᠯᠭᠡ ᠰᠤᠷᠭᠠᠨ ᠬᠥᠮᠦᠵᠢᠯ ᠤᠨ ᠠᠭᠤᠰᠤᠯᠴᠠᠯ ᠢ ᠬᠠᠮᠲᠤ ᠪᠠᠷ ᠠᠬᠢᠭᠤᠯᠬᠤ ᠰᠢᠨ᠎ᠡ ᠵᠠᠭᠪᠤᠷ ᠢ ᠬᠡᠷᠡᠭᠵᠢᠭᠦᠯᠵᠦ᠂ ᠨᠢᠯᠬ᠎ᠠ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠪᠥᠬᠦ ᠲᠠᠯ᠎ᠠ ᠶᠢᠨ ᠪᠠ ᠰᠢᠨᠵᠢᠯᠡᠬᠦ ᠤᠬᠠᠭᠠᠨᠴᠢ ᠪᠠᠲᠤᠯᠠᠭ᠎ᠠ ᠬᠠᠩᠭᠠᠨ᠎ᠠ᠃
1.jpg
    ᠶᠣᠰᠣᠯᠠᠯ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠪᠣᠯᠤᠨ ᠬᠡᠷ ᠪᠦᠯᠢ ᠶᠢᠨ ᠬᠥᠭᠵᠢᠯᠲᠡ ᠶᠢᠨ ᠲᠠᠰᠤᠭ ᠤᠨ ᠳᠠᠷᠤᠭ᠎ᠠ ᠸᠧᠶ ᠸᠢ ᠡᠷᠭᠢᠯᠡᠵᠦ᠂ ᠳᠠᠯᠠᠨ ᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠶᠠᠨ ᠪᠥᠸᠧ ᠰᠧᠨ ᠵᠢᠴᠢ ᠣᠯᠠᠨ ᠨᠡᠶᠢᠳᠡᠨ ᠬᠦᠮᠦᠵᠢᠭᠦᠯᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠣᠷᠣᠯᠴᠠᠪᠠ᠃    ᠶᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠢᠯᠡᠷᠬᠡᠶᠢᠯᠡᠬᠦ ᠳᠡᠭᠡᠨ᠂《 ᠡᠮᠨᠡᠯᠭᠡ ᠪᠠ ᠰᠤᠷᠭᠠᠨ ᠬᠥᠮᠦᠵᠢᠯ ᠢ ᠤᠶᠠᠯᠳᠤᠭᠤᠯᠬᠤ 》ᠪᠣᠯ ᠡᠮᠨᠡᠯᠭᠡ ᠬᠢᠭᠡᠳ ᠨᠡᠶᠢᠳᠡᠨ ᠬᠦᠮᠦᠵᠢᠭᠦᠯᠬᠦ ᠶᠢᠨ ᠭᠦᠨ ᠠᠭᠤᠰᠤᠯᠴᠠᠯ ᠮᠥᠨ᠂ ᠡᠭᠦᠨ ᠤ ᠵᠣᠷᠢᠯᠭ᠎ᠠ ᠨᠢ ᠨᠢᠯᠬ᠎ᠠ ᠬᠡᠦᠬᠡᠳ ᠲᠤ ᠪᠥᠬᠦ ᠲᠠᠯ᠎ᠠ ᠶᠢᠨ᠂ ᠪᠥᠬᠦ ᠦᠶᠡᠯᠡᠯ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠪᠢᠳᠡ ᠡᠮᠨᠡᠯᠭᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠮᠨᠡᠯᠭᠡ ᠶᠢᠨ ᠡᠬᠢ ᠪᠠᠶᠠᠯᠢᠭ ᠬᠢᠭᠡᠳ ᠰᠤᠷᠭᠠᠨ ᠬᠥᠮᠦᠵᠢᠯ ᠤᠨ ᠦᠢᠯᠡᠴᠢᠯᠡᠭᠡ ᠶᠢᠨ ᠠᠭᠤᠰᠤᠯᠴᠠᠯ ᠤᠨ ᠵᠠᠮ ᠢ ᠨᠡᠪᠲᠡᠷᠡᠭᠦᠯᠵᠦ᠂《 ᠬᠢᠲᠠᠳ ᠡᠮ ᠡᠮᠨᠡᠯᠭᠡ + ᠨᠡᠶᠢᠳᠡᠨ ᠬᠦᠮᠦᠵᠢᠭᠦᠯᠬᠦ 》ᠣᠨᠴᠠᠯᠢᠭᠲᠤ ᠦᠢᠯᠡᠴᠢᠯᠡᠭᠡ ᠶᠢ ᠢᠳᠡᠪᠬᠢᠲᠡᠢ ᠰᠦᠪᠡᠭᠴᠢᠯᠡᠵᠦ᠂ ᠣᠷᠣᠨ ᠨᠤᠲᠤᠭ ᠤᠨ ᠣᠨᠴᠠᠯᠢᠭ ᠲᠠᠢ ᠨᠡᠶᠢᠳᠡᠨ ᠬᠦᠮᠦᠵᠢᠭᠦᠯᠬᠦ ᠨᠡᠷᠡᠲᠦ ᠲᠦᠷᠦᠯ ᠲᠡᠮᠲᠡᠭᠲᠦ ᠶᠢ ᠪᠤᠢ ᠪᠤᠯᠭᠠᠵᠤ᠂ ᠨᠡᠶᠢᠳᠡᠨ ᠬᠦᠮᠦᠵᠢᠭᠦᠯᠬᠦ ᠪᠠᠶᠢᠭᠤᠯᠤᠮᠵᠢ ᠳᠤ ᠲᠤᠰᠬᠠᠢ ᠮᠡᠷᠭᠡᠵᠢᠯ ᠤᠨ ᠳᠡᠮᠵᠢᠯᠭᠡ ᠬᠠᠩᠭᠠᠵᠤ᠂ ᠨᠠᠢᠳᠠᠨ ᠬᠥᠮᠦᠵᠢᠭᠦᠯᠬᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠣᠯᠠᠨ ᠲᠠᠯ᠎ᠠ ᠠᠴᠠ ᠬᠠᠮᠠᠭᠠᠯᠠᠨ᠎ᠠ᠃    ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠲᠤ ᠴᠢᠩᠭ᠎ᠠ ᠲᠦᠰᠢᠭ ᠪᠣᠯᠤᠭᠰᠠᠨ ᠤ ᠬᠤᠪᠢ ᠳᠤ᠂ ᠳᠠᠯᠠᠨ ᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ《 ᠬᠡᠦᠬᠡᠳ ᠢᠶᠠᠷ ᠭᠤᠤᠯ ᠪᠣᠯᠭᠠᠵᠤ᠂ ᠡᠷᠡᠭᠦᠯ ᠮᠡᠨᠳᠦ ᠪᠠᠷ ᠤᠳᠤᠷᠢᠳᠤᠮᠵᠢ ᠪᠣᠯᠭᠠᠬᠤ 》ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠥᠷᠭᠡᠨ ᠣᠯᠠᠨ ᠬᠡᠷ ᠪᠦᠯᠢ ᠳᠤ ᠲᠤᠰᠬᠠᠶ ᠮᠡᠷᠭᠡᠵᠢᠯ ᠤᠨ᠂ ᠳᠣᠲᠣᠨᠣ ᠡᠮ ᠡᠮᠨᠡᠯᠭᠡ ᠡᠷᠡᠭᠦᠯᠵᠢᠯ ᠤᠨ ᠦᠢᠯᠡᠴᠢᠯᠡᠭᠡ ᠬᠠᠩᠭᠠᠭᠰᠠᠭᠠᠷ ᠢᠷᠡᠵᠡᠶ᠃ ᠲᠣᠰ ᠤᠳᠠᠭ᠎ᠠ ᠡᠯ᠎ᠡ ᠨᠡᠶᠢᠳᠡᠨ ᠬᠦᠮᠦᠵᠢᠭᠦᠯᠬᠦ ᠬᠥᠮᠦᠵᠢᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠨᠢ ᠨᠠᠩ ᠴᠤ ᠡᠮᠨᠡᠯᠭᠡ ᠪᠣᠯᠤᠨ ᠰᠤᠷᠭᠠᠨ ᠬᠥᠮᠦᠵᠢᠯ ᠢ ᠪᠦᠷᠢᠨ ᠰᠠᠶᠢᠬᠠᠨ ᠠᠭᠤᠰᠤᠯᠴᠠᠭᠤᠯᠵᠤ᠂ ᠬᠡᠦᠬᠡᠳ ᠤᠳ ᠲᠤ ᠡᠷᠡᠭᠦᠯ ᠡᠩᠬᠡ ᠪᠠᠷ ᠦᠰᠦᠨ ᠪᠤᠶᠢᠵᠢᠬᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠦᠭᠭᠦᠭᠰᠡᠨ ᠪᠠᠶᠢᠨ᠎ᠠ᠃    ᠲᠠᠷᠠᠭᠠᠴᠢ ᠶᠢᠨ ᠱᠠᠲᠤᠨ ᠳᠤ᠂ ᠡᠷᠡᠭᠦᠯ ᠬᠠᠮᠠᠭᠠᠯᠠᠯ ᠤᠨ ᠬᠤᠷᠢᠶ᠎ᠠ ᠬᠡᠦᠬᠡᠳ ᠤᠨ ᠦᠰᠦᠨ ᠪᠤᠶᠢᠵᠢᠯᠲᠠ ᠵᠢᠴᠢ ᠰᠤᠪᠢᠯᠠᠯᠲᠠ ᠡᠷᠡᠭᠦᠯᠵᠢᠯ ᠤᠨ ᠲᠠᠯ᠎ᠠ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠳᠡᠨ ᠬᠦᠮᠦᠵᠢᠭᠦᠯᠬᠦ ᠪᠠᠶᠢᠭᠤᠯᠤᠮᠵᠢ ᠲᠠᠢ ᠬᠠᠮᠲᠤ ᠪᠠᠷ ᠨᠡᠶᠢᠳᠡᠨ ᠬᠦᠮᠦᠵᠢᠭᠦᠯᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠷ ᠳᠡᠮᠵᠢᠨ᠂ ᠬᠤᠶᠠᠷ ᠲᠠᠯ᠎ᠠ ᠪᠠᠷ ᠢᠶᠠᠨ ᠡᠮᠨᠡᠯᠭᠡ ᠪᠠ ᠬᠥᠮᠦᠵᠢᠯ ᠢ ᠤᠶᠠᠯᠳᠤᠭᠤᠯᠤᠭᠰᠠᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠡᠦᠬᠡᠳ ᠤᠳ ᠲᠤ ᠨᠠᠩ ᠰᠢᠨᠵᠢᠯᠡᠬᠦ ᠤᠬᠠᠭᠠᠨᠴᠢ᠂ ᠪᠥᠬᠦ ᠲᠠᠯ᠎ᠠ ᠶᠢᠨ᠂ ᠲᠤᠰᠬᠠᠶ ᠮᠡᠷᠭᠡᠵᠢᠯ ᠤᠨ ᠬᠠᠷᠠᠭᠠᠯᠵᠠᠯ ᠪᠠ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠮᠠᠨ ᠤ ᠬᠤᠷᠢᠶ᠎ᠠ ᠪᠠᠰᠠ ᠨᠡᠶᠢᠳᠡᠨ ᠬᠦᠮᠦᠵᠢᠭᠦᠯᠬᠦ ᠪᠠᠶᠢᠭᠤᠯᠤᠮᠵᠢ ᠳᠤ ᠬᠡᠦᠬᠡᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠳᠦᠷ ᠲᠤᠲᠤᠮ ᠤᠨ ᠪᠡᠶ᠎ᠡ ᠶᠢᠨ ᠪᠠᠶᠢᠴᠠᠭᠠᠯᠲᠠ ᠬᠢᠬᠦ᠂ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ᠂ ᠬᠢᠲᠠᠳ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠠᠷᠢᠭᠤᠨ ᠴᠡᠪᠡᠷ ᠠᠷᠢᠭᠤᠳᠬᠠᠬᠤ᠂ ᠡᠷᠡᠭᠦᠯ ᠮᠡᠨᠳᠦ ᠶᠢᠨ ᠬᠥᠮᠦᠵᠢᠯ ᠬᠢᠬᠦ ᠵᠡᠷᠭᠡ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠨ᠎ᠠ᠃ ᠲᠣᠭᠤᠷᠢᠨ ᠵᠢᠯᠣᠭᠤᠳᠬᠤ᠂ ᠭᠡᠷ ᠲᠤᠨᠢ ᠬᠦᠷᠴᠦ ᠦᠢᠯᠡᠴᠢᠯᠡᠬᠦ᠂ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠬᠡᠦᠬᠡᠳ ᠤᠨ ᠡᠷᠡᠭᠦᠯ ᠡᠩᠬᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠥᠷᠨᠢᠭᠦᠯᠵᠦ᠂ ᠨᠡᠶᠢᠳᠡᠨ ᠬᠦᠮᠦᠵᠢᠭᠦᠯᠵᠦ ᠪᠠᠶᠢᠭ᠎ᠠ ᠬᠡᠦᠬᠡᠳ ᠤᠨ ᠦᠰᠦᠨ ᠪᠤᠶᠢᠵᠢᠯᠲᠠ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠨᠡᠶᠢᠳᠡᠨ ᠬᠦᠮᠦᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠢᠳᠡ ᠭᠠᠷ ᠬᠤᠯᠪᠣᠨ ᠡᠷᠡᠭᠦᠯ ᠡᠩᠬᠡ ᠪᠠᠭ᠎ᠠ ᠨᠠᠰᠤ ᠪᠠᠨ ᠬᠠᠮᠲᠤ ᠪᠠᠷ ᠴᠣᠭᠴᠠᠯᠠᠵᠤ᠂ ᠬᠡᠦᠬᠡᠳ ᠤᠨ ᠢᠷᠡᠭᠡᠳᠦᠶ ᠳᠤ ᠨᠠᠩ ᠣᠯᠠᠨ ᠬᠦᠰᠡᠯ ᠡᠷᠡᠮᠡᠯᠵᠡᠯ ᠪᠠ ᠬᠦᠴᠦᠨ ᠴᠢᠳᠠᠯ ᠨᠡᠮᠡᠷᠢᠯᠡᠶ᠎ᠡ︕
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号