ᠣᠶᠢᠷ᠎ᠠ ᠳᠤ᠂ ᠮᠠᠨ ᠤ ᠲᠠᠯᠠᠪᠠᠶ ᠶᠢᠨ ᠲᠣᠭᠤᠷᠢᠨ ᠬᠠᠮᠠᠭᠠᠯᠠᠭᠴᠢ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ | ᠳᠤᠮᠳᠠ᠂ ᠰᠢᠨ᠎ᠡ ᠡᠮᠦᠨ᠎ᠡ ᠬᠤᠲᠠ ᠶᠢᠨ ᠲᠤᠭᠤᠷᠢᠭᠤᠯ ᠤᠨ ᠬᠤᠶᠢᠲᠤ᠂ ᠥᠷᠭᠡᠷᠢᠭ ᠬᠤᠶᠠᠳᠤᠭᠠᠷ ᠵᠠᠮ ᠤᠨ ᠵᠡᠭᠦᠨ | ᠲᠠᠯ᠎ᠠ ᠳᠤ᠂ ᠵᠠᠷᠢᠮ ᠲᠣᠰᠬᠤᠨ ᠤ ᠠᠷᠠᠳ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ | ᠬᠠᠷᠢᠶᠠᠨ ᠳᠠᠬᠢ ᠣᠶ ᠰᠢᠭᠤᠶ ᠶᠢᠨ ᠭᠠᠵᠠᠷ ᠢ ᠬᠠᠭᠠᠯᠪᠤᠷᠢᠯᠠᠵᠤ᠂ ᠳᠤᠷ᠎ᠠ ᠪᠠᠷ ᠢᠶᠠᠨ ᠲᠠᠷᠢᠮᠠᠯ ᠳᠠᠷᠢᠭᠰᠠᠨ ᠢ ᠣᠯᠵᠤ | ᠮᠡᠳᠡᠵᠡᠶ᠃ ᠲᠤᠬᠠᠶ ᠶᠢᠨ ᠲᠠᠯᠠᠪᠠᠶ ᠠᠴᠠ ᠬᠠᠷᠭᠤᠭᠤᠯᠤᠨ ᠣᠶᠢᠯᠠᠭᠠᠭᠰᠠᠨ ᠢᠶᠠᠷ᠂ ᠲᠠᠷᠢᠮᠠᠯ ᠳᠠᠷᠢᠭᠰᠠᠨ ᠲᠣᠰᠬᠤᠨ ᠤ | ᠠᠷᠠᠳ ᠪᠣᠯ ᠲᠦ᠋ ᠾᠧᠢ ᠨᠠᠭᠤᠷ ᠭᠠᠴᠠᠭᠠᠨ ᠤ ᠠᠷᠠᠳ ᠮᠥᠨ᠂ ᠲᠣᠭᠤᠷᠢᠨ ᠬᠠᠮᠠᠭᠠᠯᠠᠭᠴᠢ ᠠᠵᠢᠯ ᠢᠶᠠᠨ ᠳᠠᠷᠤᠢ | ᠳᠤᠨᠢ ᠵᠣᠭᠰᠣᠭᠠᠬᠤ ᠪᠠᠷ ᠱᠠᠭᠠᠷᠳᠠᠬᠤ ᠶᠢᠨ ᠬᠠᠮᠲᠤ᠂ ᠲᠣᠰ ᠲᠣᠰᠬᠤᠨ ᠤ ᠠᠷᠠᠳ ᠲᠤ ᠲᠤᠰ ᠭᠠᠵᠠᠷ ᠤᠯᠤᠰ ᠤᠨ | ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠬᠠᠷᠢᠶᠠᠯᠠᠯ ᠤᠨ ᠬᠡᠪᠴᠢᠶᠡᠨ ᠳᠤ ᠬᠠᠷᠢᠶᠠᠯᠠᠭᠳᠠᠨ᠎ᠠ᠂ ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶᠢᠲᠤ ᠭᠠᠵᠠᠷ ᠲᠤ ᠳᠠᠷᠢᠬᠤ ᠠᠵᠢᠯᠯᠠᠭ᠎ᠠ ᠬᠢᠵᠦ | ᠪᠣᠯᠬᠤ ᠥᠬᠡᠶ ᠭᠡᠵᠦ ᠲᠣᠳᠣᠷᠬᠠᠶ ᠮᠡᠳᠡᠭᠳᠡᠪᠡ᠃ | | | | ᠡᠭᠦᠨ ᠤ ᠬᠠᠮᠲᠤ᠂ ᠲᠣᠭᠤᠷᠢᠨ ᠬᠠᠮᠠᠭᠠᠯᠠᠭᠴᠢ ᠡᠨᠡ ᠬᠦ ᠪᠠᠶᠢᠳᠠᠯ ᠢ ᠲᠡᠷᠡ ᠳᠠᠷᠤᠶ ᠳᠤᠨᠢ ᠬᠤᠷᠢᠨᠭᠡᠷ | ᠪᠠᠯᠭᠠᠰᠤᠨ ᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠪᠡ᠃ ᠬᠤᠶᠠᠷ ᠲᠠᠯ᠎ᠠ ᠶᠢᠨ ᠠᠵᠢᠯᠲᠠᠨ | ᠬᠠᠮᠵᠢᠯᠴᠠᠨ᠂ ᠬᠠᠮᠲᠤ ᠪᠠᠷ ᠲᠣᠰᠬᠤᠨ ᠤ ᠠᠷᠠᠳ ᠢ ᠢᠳᠬᠠᠨ ᠰᠤᠷᠭᠠᠬᠤ ᠠᠵᠢᠯ ᠬᠢᠪᠡ᠃ ᠬᠦᠯᠢᠴᠡᠩᠭᠦᠶ ᠨᠠᠷᠢᠨ | ᠲᠠᠶᠢᠯᠤᠮᠵᠢ ᠳᠤᠤᠷ᠎ᠠ᠂ ᠬᠡᠷᠡᠭ ᠲᠤ ᠬᠤᠯᠪᠣᠭᠳᠠᠭᠰᠠᠨ ᠲᠣᠰᠬᠤᠨ ᠤ ᠠᠷᠠᠳ ᠲᠣᠰ ᠪᠡᠶ᠎ᠡ ᠶᠢᠨ ᠦᠢᠯᠡ ᠠᠵᠢᠯᠯᠠᠭ᠎ᠠ ᠨᠢ | ᠵᠣᠬᠢᠰ ᠥᠬᠡᠶ ᠭᠡᠳᠡᠭ ᠢ ᠭᠦᠢᠴᠡᠳ ᠲᠠᠨᠢᠵᠤ᠂ ᠡᠶᠢᠮᠦᠷᠬᠦ ᠠᠲᠠᠷ ᠬᠠᠭᠠᠯᠪᠤᠷᠢᠯᠠᠨ ᠳᠠᠷᠢᠬᠤ ᠠᠵᠢᠯᠯᠠᠭ᠎ᠠ ᠶᠢ ᠳᠠᠭᠢᠵᠤ | ᠬᠢᠬᠦ ᠥᠬᠡᠶ ᠭᠡᠵᠦ ᠠᠮᠠᠯᠠᠭᠰᠠᠨ ᠪᠥᠭᠡᠳ ᠨᠢᠭᠡᠨᠲᠡ ᠳᠠᠷᠢᠭᠰᠠᠨ ᠣᠶᠢᠲᠤ ᠭᠠᠵᠠᠷ ᠤᠨ ᠣᠭ ᠳᠦᠷᠰᠦ ᠶᠢ | ᠰᠡᠷᠭᠦᠭᠡᠬᠦ ᠶᠢ ᠵᠥᠪᠰᠢᠶᠡᠷᠡᠵᠦ᠂ ᠤᠯᠤᠰ ᠤᠨ ᠥᠮᠴᠢᠯᠡᠯᠲᠦ ᠣᠶᠢᠲᠤ ᠭᠠᠵᠠᠷ ᠤᠨ ᠡᠬᠢ ᠪᠠᠶᠠᠯᠢᠭ ᠢ ᠡᠵᠡᠯᠡᠵᠦ | ᠡᠪᠳᠡᠬᠦ ᠠᠴᠠ ᠪᠦᠲᠦᠮᠵᠢᠲᠡᠶ ᠪᠠᠷ ᠵᠠᠶᠢᠯᠠᠰᠬᠢᠪᠡ᠃ | ᠬᠤᠶᠢᠰᠢᠳᠠ᠂ ᠮᠠᠨ ᠤ ᠲᠠᠯᠠᠪᠠᠶ ᠣᠶ ᠰᠢᠭᠤᠶ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ | ᠰᠠᠶᠢᠲᠤᠷ ᠭᠦᠢᠴᠡᠳᠬᠡᠵᠦ᠂ ᠣᠶᠢᠲᠤ ᠭᠠᠵᠠᠷ ᠢ ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠪᠠ ᠬᠠᠮᠤᠷᠬᠤ ᠬᠡᠪᠴᠢᠶ᠎ᠡ ᠶᠢ ᠨᠡᠮᠡᠭᠳᠡᠭᠦᠯᠦᠨ᠂ ᠬᠤᠷᠢᠨᠭᠡᠷ | ᠪᠠᠯᠭᠠᠰᠤᠨ ᠤ ᠬᠤᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠬᠠᠮᠵᠢᠯᠴᠠᠭ᠎ᠠ ᠪᠠᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠰᠢᠯᠤᠭᠤᠳᠬᠠᠨ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠣᠶ | ᠰᠢᠭᠤᠶ ᠶᠢᠨ ᠭᠠᠵᠠᠷ ᠤᠨ ᠡᠬᠢ ᠪᠠᠶᠠᠯᠢᠭ ᠤᠨ ᠲᠣᠭᠲᠠᠭᠤᠨ ᠪᠠ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ | | | | | | |