ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠤᠬᠠᠭᠤᠯᠭ᠎ᠠ ᠶᠢ ᠴᠢᠩᠭᠠᠳᠬᠠᠵᠤ ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠳᠤ ᠬᠦᠴᠦ ᠨᠡᠮᠡᠷᠢᠯᠡᠶ᠎ᠡ
ᠨᠡᠶᠢᠲᠡᠯᠡᠭᠰᠡᠨ ᠴᠠᠭ᠄
2025/5/21
    ᠠᠵᠤ ᠠᠬᠤᠶᠢᠯᠠᠯ ᠤᠨ ᠪᠣᠬᠢᠷᠲᠤᠯ ᠥᠬᠡᠶ ᠦᠢᠯᠡᠳᠪᠦᠷᠢ ᠶᠢ ᠡᠭᠦᠳᠦᠨ ᠪᠠᠶᠢᠭᠤᠯᠬᠤ ᠶᠢ ᠣᠨᠣᠪᠴᠢᠲᠠᠶ ᠵᠢᠯᠣᠭᠤᠳᠴᠤ᠂ ᠪᠣᠬᠢᠷᠲᠤᠯ ᠥᠬᠡᠶ ᠦᠢᠯᠡᠳᠪᠦᠷᠢ ᠶᠢ ᠱᠠᠲᠤᠯᠠᠨ ᠪᠤᠶᠢᠵᠢᠭᠤᠯᠬᠤ ᠶᠢ ᠴᠢᠩᠭᠠᠷᠠᠭᠤᠯᠤᠨ᠂ ᠪᠣᠬᠢᠷᠲᠤᠯ ᠥᠬᠡᠶ ᠦᠢᠯᠡᠳᠬᠦ  ᠰᠢᠰᠲ᠋ᠧᠮ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠭᠤᠷᠢᠭ ᠤᠨ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 2025 ᠣᠨ ᠤ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠢ ᠶᠢ ᠲᠣᠬᠢᠷᠠᠭᠤᠯᠤᠨ ᠪᠠᠶᠢᠷᠢᠯᠠᠭᠤᠯᠵᠤ ᠬᠠᠮᠢᠶ᠎ᠠ ᠪᠥᠬᠦᠶ ᠤᠴᠢᠷ ᠶᠠᠪᠤᠳᠠᠯ ᠬᠠᠷᠠᠭᠠᠨ ᠳᠠᠪᠲᠠᠮᠵᠢ ᠶᠢᠨ ᠪᠤᠯᠪᠠᠰᠤᠷᠠᠯ ᠤᠨ ᠬᠤᠷᠠᠯ ᠳᠤ ᠣᠷᠣᠯᠴᠠᠵᠤ᠂ ᠪᠣᠬᠢᠷᠲᠤᠯ ᠥᠬᠡᠶ ᠦᠢᠯᠡᠳᠬᠦ ᠶᠢ ᠭᠤᠤᠯᠳᠠᠯᠭ᠎ᠠ ᠲᠠᠢ ᠪᠤᠶᠢᠵᠢᠭᠤᠯᠬᠤ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠲᠡ 20 ᠭᠠᠷᠤᠶ ᠬᠥᠮᠦᠨ ᠬᠤᠷᠠᠯ ᠳᠤ ᠣᠷᠣᠯᠴᠠᠵᠠᠶ᠃
11.jpg
    ᠲᠣᠰ ᠤᠳᠠᠭᠠᠨ ᠤ ᠪᠤᠯᠪᠠᠰᠤᠷᠠᠯ ᠨᠢ ᠪᠣᠬᠢᠷᠲᠤᠯ ᠥᠬᠡᠶ ᠦᠢᠯᠡᠳᠪᠦᠷᠢ ᠶᠢᠨ ᠦᠨᠡᠯᠡᠬᠦ ᠭᠦᠢᠴᠡᠳᠬᠡᠯ ᠲᠤᠭ᠎ᠠ᠂ ᠰᠢᠯᠭᠠᠷᠠᠭᠤᠯᠬᠤ ᠰᠠᠬᠢᠯᠭ᠎ᠠ ᠪᠠᠲᠤ ᠵᠢᠴᠢ ᠲᠦᠷᠢᠮ᠂ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠠᠩᠬᠠᠷᠬᠤ ᠵᠦᠢᠯᠡᠰ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠦᠢᠯᠡᠳᠬᠦ ᠶᠢ ᠳᠡᠮᠵᠢᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠦᠨᠡᠯᠡᠬᠦ ᠪᠠᠷᠢᠮᠵᠢᠶ᠎ᠠ ᠶᠢᠨ ᠲᠤᠬᠠᠶ ᠠᠵᠤ ᠠᠬᠤᠶᠢᠯᠠᠯ ᠤᠨ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃    ᠲᠣᠰ ᠤᠳᠠᠭᠠᠨ ᠤ ᠪᠤᠯᠪᠠᠰᠤᠷᠠᠯ ᠤᠨ ᠬᠤᠷᠠᠯ ᠢᠶᠠᠷ ᠳᠠᠮᠵᠢᠭᠤᠯᠤᠨ ᠪᠤᠯᠪᠠᠰᠤᠷᠠᠯ ᠳᠤ ᠣᠷᠣᠯᠴᠠᠬᠤ ᠠᠵᠤ ᠠᠬᠤᠶᠢᠯᠠᠯ ᠤᠨ ᠡᠭᠦᠳᠦᠨ ᠪᠠᠶᠢᠭᠤᠯᠬᠤ ᠦᠵᠡᠯ ᠤᠬᠠᠮᠰᠠᠷ ᠢ ᠦᠨᠡᠨᠬᠦ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠵᠢᠴᠢ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠦᠢᠯᠡᠳᠬᠦ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠦᠢᠯᠡᠳᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠠᠶᠢᠴᠢᠯᠠᠬᠤ ᠳᠤ ᠲᠤᠰᠠᠲᠠᠶ ᠶᠤᠮ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号