ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2025/5/21
    ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯᠲᠦ ᠴᠢᠨᠠᠷ ᠤᠨ ᠲᠠᠨᠢᠨ ᠮᠡᠳᠡᠬᠦᠶ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 14  ᠤ ᠡᠳᠦᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠪᠠ ᠰᠤᠷᠭᠠᠭᠤᠯᠢ ᠳᠤ ᠬᠦᠷᠴᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠴᠣᠬᠢᠯᠲᠠ ᠥᠭᠴᠦ  ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠲᠤᠰᠬᠠᠶ ᠠᠵᠢᠯᠯᠠᠭ᠎ᠠ ᠦᠷᠨᠢᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃    ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ ᠪᠠᠶᠢᠵᠤ᠂ ᠲᠤᠬᠠᠶ ᠶᠢᠨ ᠲᠠᠯᠠᠪᠠᠶ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ ᠪᠠᠰᠠ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠠᠵᠤ ᠠᠬᠤᠶᠢᠯᠠᠯ ᠤᠨ ᠠᠵᠢᠯᠲᠠᠨ ᠵᠢᠴᠢ ᠰᠤᠷᠭᠠᠭᠤᠯᠢ ᠶᠢᠨ ᠰᠤᠷᠤᠭᠴᠢᠳ ᠲᠤ ᠨᠢᠭᠡ ᠨᠢᠭᠡᠨ ᠳᠤᠨᠢ ᠲᠤᠰᠬᠠᠶ ᠮᠡᠷᠭᠡᠵᠢᠯ ᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠪᠠ᠃    ᠥᠪᠥᠷ ᠮᠣᠩᠭᠤᠯ ᠤᠨ ᠳ᠋ᠠ ᠴᠢᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠤᠬᠠᠭᠤᠯᠭ᠎ᠠ ᠶᠢᠨ ᠠᠬᠤᠶ ᠲᠠᠯᠠᠪᠠᠶ ᠳᠤ᠂ ᠠᠵᠢᠯᠲᠠᠳ ᠪᠣᠯᠤᠨ ᠠᠵᠤ ᠠᠬᠤᠶᠢᠯᠠᠯ ᠤᠨ ᠠᠵᠢᠯᠲᠠᠳ ᠬᠤᠷᠠᠯ ᠤᠨ ᠬᠡᠷ ᠲᠤ ᠴᠤᠭᠯᠠᠷᠠᠵᠤ᠂《 ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠬᠡᠷᠬᠢᠨ ᠪᠦᠲᠦᠮᠵᠢᠲᠡᠶ ᠰᠡᠷᠭᠡᠶᠢᠯᠡᠬᠦ 》ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠣᠯᠢᠯᠴᠠᠭ᠎ᠠ ᠥᠷᠨᠢᠭᠦᠯᠵᠦ᠂ ᠨᠡᠶᠢᠲᠡᠯᠢᠭ ᠬᠡᠷᠡᠭ ᠤᠨ ᠵᠠᠳᠠᠯᠤᠯᠲᠠ᠂ ᠠᠶᠤᠯ ᠲᠦᠭᠰᠢᠭᠦᠷᠢ ᠶᠢᠨ ᠭᠤᠤᠯᠳᠠᠯᠭ᠎ᠠ ᠶᠢᠨ ᠲᠠᠶᠢᠯᠤᠮᠵᠢ ᠬᠢᠬᠦ ᠪᠠᠷ ᠳᠡᠮᠵᠢᠨ᠂ ᠣᠯᠠᠨ ᠳᠤ《 ᠥᠨᠳᠥᠷ ᠨᠤᠷᠮ᠎ᠠ ᠪᠠᠷ ᠬᠠᠷᠢᠭᠤ ᠦᠭᠬᠦ 》ᠤᠨᠠᠭᠤᠯᠢ ᠠᠴᠠ ᠴᠠᠭ ᠢᠮᠠᠭᠲᠠ ᠰᠡᠷᠡᠮᠵᠢᠯᠡᠵᠦ᠂ ᠲᠠᠨᠢᠯ ᠪᠤᠰᠤ ᠬᠥᠮᠦᠨ ᠤ ᠪᠠᠯᠠ ᠣᠷᠣᠭᠤᠯᠤᠯᠲᠠ ᠶᠢᠨ ᠠᠮᠠᠯᠠᠯᠲᠠ ᠶᠢ ᠶᠠᠭᠠᠬᠢᠭᠰᠠᠨ ᠴᠤ ᠠᠮᠠᠷᠬᠠᠨ ᠢᠲᠡᠭᠡᠵᠦ ᠪᠣᠯᠬᠤ ᠥᠬᠡᠶ᠂ ᠪᠠᠯᠠ ᠣᠷᠣᠭᠤᠯᠤᠯᠲᠠ ᠶᠢᠨ ᠬᠢᠷᠢ ᠬᠡᠮ ᠪᠣᠯᠤᠨ ᠲᠥᠷᠥᠯ ᠵᠦᠢᠯ ᠤᠨ ᠦᠨᠡᠨ ᠪᠣᠳᠠᠲᠤ ᠴᠢᠨᠠᠷ ᠤᠨ ᠴᠢᠬᠤᠯᠠ ᠴᠢᠨᠠᠷ ᠢ ᠬᠢᠨᠠᠨ ᠪᠠᠶᠢᠴᠠᠭᠠᠬᠤ ᠶᠢ ᠴᠢᠬᠤᠯᠠᠴᠢᠯᠠᠬᠤ ᠬᠡᠷᠡᠭᠲᠡᠶ ᠭᠡᠵᠦ ᠰᠡᠷᠡᠮᠵᠢᠯᠡᠭᠦᠯᠪᠡ᠃ ᠠᠵᠤ ᠠᠬᠤᠶᠢᠯᠠᠯ ᠤᠨ ᠠᠵᠢᠯᠲᠠᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠦᠨᠡᠨᠬᠦ ᠴᠢᠩᠭᠠᠷᠠᠭᠤᠯᠵᠤ᠂ ᠠᠵᠤ ᠠᠬᠤᠶᠢᠯᠠᠯ ᠤᠨ ᠳᠣᠲᠣᠭᠠᠳᠤ ᠳᠤ ᠪᠥᠬᠦ ᠠᠷᠠᠳ ᠢᠶᠠᠷ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠬᠤᠷᠢᠭᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠶᠡᠭᠡ ᠰᠤᠷᠭᠠᠭᠤᠯᠢ ᠶᠢᠨ ᠬᠤᠲᠠ ᠶᠢᠨ ᠤᠬᠠᠭᠤᠯᠭ᠎ᠠ ᠶᠢᠨ ᠠᠬᠤᠶ ᠲᠠᠯᠠᠪᠠᠶ ᠳᠤ᠂ ᠲᠠᠶᠢᠯᠪᠤᠷᠢᠯᠠᠭᠴᠢ ᠨᠢ ᠪᠦᠳᠡᠭᠢ ᠪᠠᠯᠠᠷᠬᠠᠶ ᠬᠠᠤᠯᠢ ᠪᠤᠰᠤ ᠪᠠᠷ ᠪᠠᠯᠠ ᠴᠤᠭᠯᠠᠭᠤᠯᠬᠤ ᠣᠨᠣᠯ ᠤᠨ ᠮᠡᠳᠡᠯᠭᠡ᠂ ᠰᠦᠯᠵᠢᠶᠡᠨ ᠤ ᠵᠢᠭᠡᠯᠡᠯᠭᠡ ᠶᠢᠨ ᠮᠡᠬᠡᠯᠡᠯ᠂ ᠲᠤᠰᠢᠶᠠᠯ ᠬᠠᠪᠰᠤᠷᠭᠠᠵᠤ ᠬᠠᠭᠤᠳᠠᠰᠤ ᠭᠠᠷᠭᠠᠨ ᠠᠰᠢᠭ ᠣᠯᠭᠤᠬᠤ ᠵᠡᠷᠭᠡ ᠰᠤᠷᠤᠭᠴᠢᠳ ᠤᠨ ᠡᠳᠦᠷ ᠲᠤᠲᠤᠮ ᠤᠨ ᠰᠢᠨ᠎ᠡ ᠰᠣᠷᠭᠤᠭ ᠬᠡᠷᠡᠭ ᠤᠨ ᠵᠢᠱᠢᠶ᠎ᠡ ᠳᠤ ᠤᠷᠠᠨ ᠢᠶᠠᠷ ᠠᠭᠤᠰᠤᠯᠴᠠᠵᠤ᠂ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠨᠢᠭᠤᠭᠳᠠᠮᠠᠯ ᠪᠠ ᠮᠡᠬᠡᠯᠡᠯ ᠢ ᠢᠯᠡᠴᠢᠯᠡᠪᠡ᠃ ᠡᠭᠦᠨ ᠤ ᠬᠠᠮᠲᠤ᠂《 ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ 》 ᠤᠨ ᠲᠣᠭᠤᠷᠢᠨ ᠳᠤ᠂ ᠴᠢᠩᠭ᠎ᠠ ᠨᠢᠮᠪᠠᠶ ᠵᠦᠢᠯ ᠵᠤᠷᠪᠤᠰ ᠤᠨ ᠲᠠᠶᠢᠯᠪᠤᠷᠢᠯᠠᠯᠲᠠ ᠪᠠ ᠬᠠᠤᠯᠢ ᠴᠠᠭᠠᠵᠠ ᠶᠢᠨ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠᠷ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠢᠨᠵᠢ ᠴᠢᠨᠠᠷ ᠢ ᠲᠣᠳᠣᠷᠬᠠᠶ ᠵᠠᠭᠠᠭᠯᠠᠨ ᠲᠣᠭᠲᠠᠭᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠬᠢᠯᠪᠠᠷ ᠣᠶᠢᠯᠠᠭᠠᠮᠵᠢᠲᠠᠶ ᠰᠡᠷᠡᠮᠵᠢᠯᠡᠭᠦᠯᠦᠯ ᠪᠣᠯᠭᠠᠵᠤ᠂ ᠪᠠᠭᠰᠢ ᠰᠤᠷᠤᠭᠴᠢᠳ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠭᠦᠨ ᠬᠢᠴᠢᠶᠡᠯ ᠣᠷᠣᠵᠤ᠂ ᠲᠤᠰᠬᠠᠶ ᠮᠡᠷᠭᠡᠵᠢᠯ ᠤᠨ ᠡᠳ᠋ ᠤᠨ ᠵᠠᠰᠠᠭ ᠤᠨ ᠬᠠᠷᠠᠭᠠᠰᠤ ᠪᠠᠷ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠬᠠᠤᠯᠢ ᠪᠠᠷ ᠵᠠᠰᠠᠬᠤ ᠬᠠᠯᠬᠠᠪᠴᠢ ᠶᠢ ᠪᠠᠲᠤ ᠴᠣᠭᠴᠠᠯᠠᠵᠤ᠂ ᠬᠠᠤᠯᠢ ᠴᠠᠭᠠᠵᠠ ᠶᠢᠨ ᠰᠡᠷᠡᠮᠵᠢ ᠶᠢᠨ ᠬᠤᠩᠬᠤ ᠶᠢ ᠰᠤᠷᠭᠠᠭᠤᠯᠢ ᠶᠢᠨ ᠬᠦᠷᠢᠶᠡᠨ ᠳᠤ ᠤᠳᠠᠲᠠᠯ᠎ᠠ ᠴᠤᠤᠷᠢᠶᠠᠲᠤᠭᠤᠯᠪᠠ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠤᠬᠠᠭᠤᠯᠭ᠎ᠠ ᠶᠢᠨ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠤᠷᠬᠤ ᠬᠡᠪᠴᠢᠶ᠎ᠡ ᠪᠠᠨ ᠥᠷᠭᠡᠳᠬᠡᠨ᠂ ᠬᠡᠯᠪᠡᠷᠢ ᠪᠠᠨ ᠰᠢᠨᠡᠳᠬᠡᠵᠦ᠂ ᠰᠡᠷᠭᠡᠶᠢᠯᠡᠯᠲᠡ ᠶᠢᠨ ᠮᠡᠳᠡᠯᠭᠡ ᠪᠠᠷ ᠨᠠᠩ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠵᠤ᠂ ᠬᠦᠴᠦᠨ ᠢᠶᠠᠨ ᠨᠢᠭᠲᠠᠷᠠᠭᠤᠯᠤᠨ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠬᠠᠮᠠᠭᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号