【 ᠬᠥᠷᠰᠢ ᠰᠠᠭᠠᠬᠠᠯᠲᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ 】 ᠬᠦᠷᠰᠢ ᠵᠡᠷᠭᠡᠯᠡᠳᠡᠭᠡ ᠪᠠᠷ ᠢᠶᠠᠨ ᠡᠶ᠎ᠡ ᠵᠣᠬᠢᠴᠠᠩᠭᠤᠶ《 ᠦᠨᠳᠦᠰᠦᠲᠡᠨ ᠤ ᠬᠥᠭᠵᠢᠮ 》 ᠢ ᠬᠠᠮᠲᠤᠪᠠᠷ ᠬᠥᠭᠵᠢᠮᠳᠡᠶ᠎ᠡ
ᠨᠡᠶᠢᠲᠡᠯᠡᠭᠰᠡᠨ ᠴᠠᠭ᠄
2025/5/22
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂《 ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ 》ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠳ᠋ᠧ ᠰᠢᠶᠠᠨ ᠭᠡᠷ ᠬᠤᠷᠢᠶᠠᠯᠠᠯ ᠵᠢᠤ ᠶᠤᠸᠠᠨ ᠲᠣᠭᠤᠷᠢᠭ ᠤᠨ ᠱᠢ ᠵᠢᠢ ᠵᠠᠮ ᠤᠨ ᠨᠢᠭᠡᠳᠦᠭᠡᠷ ᠬᠡᠦᠬᠡᠳ ᠤᠨ ᠴᠡᠴᠡᠷᠯᠢᠭ ᠲᠠᠢ ᠬᠠᠮᠲᠤᠷᠠᠨ ᠨᠢᠭᠡ ᠤᠳᠠᠭ᠎ᠠ ᠶᠢᠨ ᠭᠤᠶᠢᠳᠠ ᠰᠠᠶᠢᠬᠠᠨ ᠠᠵᠢᠯᠯᠠᠭ᠎ᠠ ᠥᠷᠨᠢᠭᠦᠯᠵᠦ᠂ ᠦᠢ ᠤᠯᠠᠨ ᠰᠠᠭᠤᠭᠠᠯᠢ ᠠᠷᠠᠳ ᠢ ᠢᠳᠡᠪᠬᠢᠲᠡᠢ ᠣᠷᠣᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠭᠡᠷ ᠬᠤᠷᠢᠶᠠᠯᠠᠯ ᠳᠤ ᠦᠩᠬᠡ ᠢᠯᠭᠠᠷᠠᠨ ᠳᠡᠯᠭᠡᠷᠡᠭᠦᠯᠪᠡ᠃
11.jpg
    ᠬᠥᠳᠡᠯᠭᠡᠭᠡᠨ ᠡᠬᠢᠯᠡᠮᠡᠭᠴᠡ᠂ ᠴᠡᠴᠡᠷᠯᠢᠭ ᠤᠨ ᠪᠢᠴᠢᠬᠠᠨ ᠨᠠᠶᠢᠵᠠ ᠨᠠᠷ ᠡᠪᠦᠭᠡ ᠡᠮᠡᠭᠡ ᠳᠡᠭᠡᠨ ᠵᠢᠵᠢᠭ ᠰᠢᠬᠢᠷᠯᠢᠭ ᠢᠳᠡᠭᠡᠨ ᠬᠦᠷᠭᠡᠵᠦ᠂ ᠤᠯᠠᠨ ᠤ ᠨᠢᠭᠤᠷ ᠳᠡᠭᠡᠷ᠎ᠡ ᠵᠣᠯ ᠵᠢᠷᠭᠠᠯ ᠤᠨ ᠮᠦᠰᠢᠶᠡᠯ ᠪᠢᠯᠬᠠᠨ᠎ᠠ᠃  ᠪᠠᠶᠠᠨᠰᠢᠯᠢ ᠵᠡᠭᠡᠯᠢ ᠭᠤᠳᠤᠮᠵᠢ ᠶᠢᠨ ᠬᠤᠶᠢᠴᠢ ᠦᠶ᠎ᠡ ᠶᠢ ᠬᠠᠯᠠᠮᠵᠢᠯᠠᠬᠤ ᠵᠥᠪᠯᠡᠯ ᠤᠨ ᠳᠡᠳ᠋ ᠡᠷᠬᠢᠯᠡᠭᠴᠢ ᠢᠦᠶ ᠵᠢᠶ ᠰᠢᠶᠠᠩ ᠲᠠᠪᠤᠨ ᠨᠠᠰᠤᠲᠠᠨ ᠨᠠᠶᠢᠷᠠᠯ ᠳᠠᠭᠤᠤ ᠶᠢᠨ ᠪᠦᠯᠬᠦᠮ ᠢ ᠳᠠᠭᠠᠭᠤᠯᠤᠨ ᠲᠠᠶᠢᠰᠠᠨ ᠳᠤ ᠭᠠᠷᠪᠠ᠃ ᠲᠡᠳᠡ ᠪᠣᠯ《 ᠣᠨ ᠰᠠᠷ᠎ᠠ ᠶᠢᠨ ᠳᠠᠭᠤᠴᠢᠨ 》᠂ ᠲᠡᠳᠡ ᠴᠠᠭ ᠬᠤᠭᠤᠴᠠᠭᠠᠨ ᠤ ᠳᠠᠪᠲᠠᠯᠲᠠ ᠶᠢ ᠥᠩᠭᠡᠷᠡᠭᠡᠨ᠂ ᠠᠮᠢᠳᠤᠷᠠᠯ ᠢᠶᠠᠨ ᠰᠡᠳᠬᠢᠯ ᠬᠥᠳᠡᠯᠭᠡᠮ᠎ᠡ ᠬᠥᠭ ᠠᠶᠠᠰ ᠪᠣᠯᠭᠠᠵᠤ᠂ ᠢᠷᠠᠭᠤ ᠰᠠᠶᠢᠬᠠᠨ ᠬᠤᠭᠤᠯᠠᠶ ᠪᠠᠷ《 ᠪᠢᠴᠢᠬᠠᠨ ᠣᠳᠣ 》《 ᠭᠠᠷ ᠠᠯᠴᠢᠭᠤᠷ ᠢᠶᠠᠨ ᠬᠠᠶᠠᠶ᠎ᠠ 》《 ᠬᠤᠣᠰ ᠰᠡᠯᠢᠭᠦᠷ ᠢᠶᠠᠨ ᠰᠡᠯᠢᠶ᠎ᠡ 》ᠵᠡᠷᠭᠡ ᠰᠣᠩᠭᠤᠳᠠᠭ ᠬᠡᠦᠬᠡᠳ ᠤᠨ ᠳᠠᠭᠤᠤ ᠶᠢ ᠠᠶᠠᠷᠬᠠᠨ ᠳᠠᠭᠤᠯᠠᠪᠠ᠃ ᠬᠡᠦᠬᠡᠳ ᠤᠳ ᠤᠨ ᠭᠤᠶᠢᠳᠠ ᠰᠠᠶᠢᠬᠠᠨ ᠪᠥᠵᠢᠭ᠂ ᠦᠱᠦ ᠶᠢᠨ ᠲᠣᠭᠯᠠᠯᠲᠠ  ᠨᠢ ᠪᠢᠳᠠᠨ ᠢ ᠳᠠᠭᠠᠭᠤᠯᠤᠨ ᠠᠳᠠᠯᠢ ᠪᠤᠰᠤ ᠦᠨᠳᠦᠰᠦᠲᠡᠨ ᠤ ᠥᠪᠡᠷᠮᠢᠴᠡ ᠵᠠᠩ ᠦᠢᠯᠡ ᠶᠢᠨ ᠷᠢᠳᠢ ᠰᠢᠳᠢ᠂ ᠮᠡᠳᠡᠷᠡᠬᠦ ᠴᠢᠳᠠᠪᠤᠷᠢ ᠪᠣᠯᠤᠨ ᠭᠤᠸ᠎ᠠ ᠰᠠᠶᠢᠬᠠᠨ ᠤ ᠤᠶᠠᠯᠳᠤᠯ ᠢ ᠰᠣᠨᠢᠷᠬᠠᠭᠤᠯᠪᠠ᠃ ᠢᠷᠠᠭᠤ ᠰᠠᠶᠢᠬᠠᠨ ᠦᠯᠢᠭᠡᠷ ᠨᠢ ᠨᠡᠩ ᠴᠤ ᠰᠡᠳᠬᠢᠯ ᠵᠢᠷᠦᠬᠡᠨ ᠳᠤ ᠬᠦᠷᠦᠨ᠎ᠠ᠂ ᠪᠢᠴᠢᠬᠠᠨ ᠨᠠᠶᠢᠵᠠ ᠨᠠᠷ ᠤᠨ ᠠᠪᠴᠢᠷᠠᠭᠰᠠᠨ《 ᠪᠢᠴᠢᠬᠠᠨ ᠴᠡᠷᠢᠭ ᠵᠠᠩ ᠭᠠ 》ᠭᠡᠬᠦ ᠬᠤᠪᠢᠰᠬᠠᠯ ᠤᠨ ᠦᠯᠢᠭᠡᠷ ᠨᠢ ᠪᠠᠭᠠᠴᠤᠳ ᠬᠡᠦᠬᠡᠳ ᠤᠨ ᠳᠠᠶᠢᠨ ᠤ ᠳᠤᠮᠳᠠᠬᠢ ᠡᠷᠡᠯᠬᠡᠭ ᠵᠣᠷᠢᠭ᠂ ᠬᠤᠷᠴᠠ ᠰᠠᠮᠪᠠᠭ᠎ᠠ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠵᠡᠢ᠃ ᠴᠡᠴᠡᠷᠯᠢᠭ ᠤᠨ ᠪᠠᠭᠰᠢ《 ᠯᠢᠶᠠᠩ ᠵᠦ 》《 ᠤᠯᠠᠭᠠᠨ ᠯᠢᠩ 》ᠭᠡᠬᠦ ᠡᠷᠲᠡᠨ ᠤ ᠶᠠᠲᠤᠭ᠎ᠠ ᠶᠢᠨ ᠲᠣᠭᠯᠠᠯᠲᠠ ᠶᠢ ᠲᠤᠰᠬᠠᠶᠢᠯᠠᠨ ᠠᠪᠴᠢᠷᠠᠵᠤ᠂ ᠪᠢᠲᠡᠨ ᠢ ᠢᠷᠠᠭᠤ ᠡᠭᠡᠰᠢᠭ ᠤᠨ ᠳᠤᠮᠳᠠ ᠮᠢᠩᠭᠠᠨ ᠵᠢᠯ ᠤᠨ ᠴᠠᠭ ᠮᠥᠴᠡ ᠶᠢ ᠲᠤᠭᠤᠯᠵᠤ᠂ ᠬᠠᠮᠲᠤ ᠪᠠᠷ ᠨᠢᠭᠡ ᠪᠠᠳᠠᠭ ᠰᠢᠯᠦᠭ ᠤᠨ ᠳᠣᠷᠣᠨᠠᠳᠠᠬᠢᠨ ᠤ ᠪᠣᠯᠵᠤᠭ᠎ᠠ ᠳᠤ ᠬᠦᠷᠭᠡᠵᠡᠢ᠃    ᠠᠵᠢᠯᠯᠠᠭ᠎ᠠ ᠨᠢ ᠪᠠᠶᠠᠷ ᠪᠠᠭ᠋ᠠᠳᠤᠯ ᠤᠨ ᠳᠤᠮᠳᠠ ᠰᠠᠨᠠᠮᠰᠠᠷ ᠦᠭᠡᠢ ᠪᠠᠷ ᠥᠨᠳᠥᠷᠯᠡᠪᠡ᠂ ᠭᠡᠪᠡᠴᠦ ᠦᠨᠳᠦᠰᠦᠲᠡᠨ ᠤ ᠪᠦᠯᠬᠦᠮᠳᠡᠯ ᠤᠨ ᠦᠯᠢᠭᠡᠷ ᠥᠨᠢ ᠡᠭᠦᠷᠢᠳᠡ ᠳᠠᠭᠤᠰᠤᠰᠢ ᠦᠭᠡᠢ ᠶᠤᠮ᠂ ᠲᠡᠷᠡ ᠨᠢ ᠮᠠᠨ ᠤ ᠬᠥᠮᠦᠨ ᠨᠢᠭᠡᠪᠦᠷᠢ ᠶᠢᠨ ᠰᠡᠳᠬᠢᠯ ᠳᠤ ᠦᠨᠳᠦᠰᠦ ᠬᠠᠳᠬᠤᠨ ᠰᠣᠶᠣᠭᠠᠯᠠᠵᠤ᠂ ᠴᠡᠴᠡᠭᠯᠡᠵᠦ ᠵᠢᠮᠢᠰᠯᠡᠬᠦ ᠪᠣᠯᠤᠨ᠎ᠠ᠃ ᠪᠢᠳᠡ ᠥᠨᠥᠳᠦᠷ ᠤᠨ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠴᠡᠴᠡᠭᠯᠡᠯ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠦᠷᠭᠦᠯᠵᠢᠯᠡᠨ ᠬᠠᠮᠲᠤ ᠪᠠᠷ ᠪᠢᠴᠢᠭᠯᠡᠨ᠎ᠡ︕
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号