ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠭᠠᠷ ᠦᠢᠯᠡᠳᠬᠡᠯ ᠤᠨ ᠭᠠᠵᠠᠷ ᠲᠠᠢ ᠬᠠᠮᠲᠤᠷᠠᠨ ᠳᠡᠯᠡᠬᠡᠶ ᠶᠢᠨ ᠵᠡᠮᠳᠡᠭᠴᠦᠳ ᠢ ᠲᠤᠰᠠᠯᠠᠬᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 17  ᠤ ᠡᠳᠦᠷ᠂《 ᠥᠪᠡᠷ ᠢ ᠪᠠᠨ ᠬᠦᠴᠦᠷᠬᠡᠭᠵᠢᠭᠦᠯᠬᠦ ᠪᠠ ᠵᠡᠮᠳᠡᠭᠴᠦᠳ ᠢ ᠲᠤᠰᠠᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠲᠠᠪᠰᠢᠬᠤ ᠬᠦᠴᠦᠨ ᠴᠢᠳᠠᠯ ᠢ ᠨᠢᠭᠲᠠᠷᠠᠭᠤᠯᠤᠶ᠎ᠠ 》ᠭᠡᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠣᠣ ᠾᠧ ᠭᠠᠷ ᠤᠷᠠᠯᠠᠯ ᠤᠨ ᠭᠠᠵᠠᠷ᠂ ᠰᠠᠷᠠᠨ᠎ᠠ ᠭᠠᠷ ᠤᠷᠠᠯᠠᠯ ᠤᠨ ᠭᠠᠵᠠᠷ ᠭᠡᠬᠦ ᠬᠤᠶᠠᠷ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠭᠠᠵᠠᠷ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠡᠷᠬᠢᠯᠡᠭᠰᠡᠨ ᠳᠡᠯᠡᠬᠡᠢ ᠶᠢᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠵᠡᠮᠳᠡᠭᠴᠦᠳ ᠤᠨ ᠤᠯᠠᠨ ᠲᠦᠮᠡᠨ ᠳᠤ ᠳᠡᠮᠵᠢᠯᠭᠡ ᠪᠠ ᠵᠣᠷᠢᠭᠵᠢᠭᠤᠯᠤᠯ ᠢ ᠬᠦᠷᠭᠡᠪᠡ᠃
11.jpg
    ᠠᠵᠢᠯᠯᠠᠭ᠎ᠠ ᠶᠢᠨ ᠠᠬᠤᠶ ᠲᠠᠯᠠᠪᠠᠶ ᠳᠤ ᠶᠣᠣ ᠾᠧ ᠭᠠᠷ ᠦᠢᠯᠡᠳᠬᠡᠯ ᠤᠨ ᠭᠠᠵᠠᠷ ᠪᠠ ᠰᠠᠷᠠᠨ᠎ᠠ ᠶᠢᠨ ᠭᠠᠷ ᠦᠢᠯᠡᠳᠬᠡᠯ ᠤᠨ ᠭᠠᠵᠠᠷ ᠤᠨ ᠦᠵᠡᠭᠦᠯᠭᠡ ᠶᠢᠨ ᠪᠠᠶᠢᠷᠢ ᠨᠢ ᠮᠠᠰᠢ ᠣᠯᠠᠨ ᠬᠥᠮᠦᠰ ᠤᠨ ᠠᠩᠬᠠᠷᠤᠯ ᠢ ᠲᠠᠲᠠᠵᠠᠶ᠃ ᠶᠣᠣ ᠾᠧ ᠭᠠᠷ ᠤᠷᠠᠯᠠᠯ ᠤᠨ ᠦᠢᠯᠡᠳᠬᠡᠯ ᠤᠨ ᠭᠠᠵᠠᠷ ᠠᠴᠠ ᠠᠪᠴᠢᠷᠠᠭᠰᠠᠨ ᠪᠦᠲᠦᠭᠡᠯ ᠨᠢ ᠤᠯᠠᠮᠵᠢᠯᠠᠯᠲᠤ ᠨᠡᠬᠡᠮᠡᠯ ᠤᠨ ᠮᠡᠷᠭᠡᠵᠢᠯ ᠢᠶᠠᠷ ᠭᠤᠤᠯᠯᠠᠵᠤ᠂ ᠬᠡᠮᠡᠷᠯᠢᠭ ᠲᠤᠷᠭ᠎ᠠ ᠶᠢᠨ ᠦᠨᠦᠷᠲᠦ ᠬᠠᠪᠲᠠᠭ᠎ᠠ᠂ ᠰᠤᠶᠢᠬ᠎ᠠ ᠡᠪᠡᠰᠤᠨ ᠠᠯᠤᠬ᠎ᠠ ᠵᠡᠷᠭᠡ ᠶᠢ ᠬᠠᠪᠰᠤᠷᠭᠠᠵᠤ᠂ ᠬᠡᠷᠡᠭᠯᠡᠭᠡᠨ ᠤ ᠴᠢᠨᠠᠷ ᠪᠠ ᠤᠷᠠᠯᠢᠭ ᠤᠨ ᠴᠢᠨᠠᠷ ᠢ ᠤᠶᠠᠯᠳᠤᠭᠤᠯᠵᠠᠶ᠃ ᠰᠠᠷᠠᠨ᠎ᠠ ᠶᠢᠨ ᠭᠠᠷ ᠤᠷᠠᠯᠠᠯ ᠤᠨ ᠭᠠᠵᠠᠷ ᠨᠢ ᠦᠨᠳᠦᠰᠦᠲᠡᠨ ᠤ ᠤᠨᠴᠠᠯᠢᠭᠳᠤ ᠭᠠᠷ ᠤᠷᠠᠯᠠᠯ ᠤᠨ ᠪᠦᠲᠦᠭᠡᠭᠳᠡᠬᠦᠨ ᠢᠶᠠᠷ ᠬᠢᠯᠠᠰ ᠴᠡᠭ ᠪᠣᠯᠭᠠᠵᠤ᠂ ᠥᠩᠭᠡ ᠢᠯᠭᠠᠷᠠᠭᠰᠠᠨ ᠬᠠᠳᠬᠤᠮᠠᠯ᠂ ᠥᠪᠡᠷᠮᠢᠴᠡ ᠤᠷᠠᠨ ᠮᠥᠩᠭᠦᠨ ᠵᠠᠰᠠᠯ ᠲᠠᠢ ᠪᠠᠶᠢᠵᠤ᠂ ᠦᠨᠳᠦᠰᠦᠲᠡᠨ ᠤ ᠰᠣᠶᠣᠯ ᠪᠣᠯᠤᠨ ᠣᠳᠣ ᠦᠶ᠎ᠡ ᠶᠢᠨ ᠭᠤᠸ᠎ᠠ ᠲᠠᠭᠠᠰᠢᠶᠠᠯ ᠢ ᠤᠷᠠᠨ ᠢᠶᠠᠷ ᠠᠭᠤᠰᠬᠠᠨ᠂ ᠥᠪᠡᠷᠮᠢᠴᠡ ᠤᠷᠠᠯᠢᠭ ᠤᠨ ᠬᠡᠪ ᠨᠠᠮᠪᠠ ᠪᠠᠨ ᠢᠯᠡᠷᠡᠭᠦᠯᠦᠭᠰᠡᠨ ᠪᠠᠶᠢᠨ᠎ᠠ᠃ ᠬᠡᠳᠦᠶᠢᠪᠡᠷ ᠠᠭᠤᠷ ᠠᠮᠢᠰᠬᠤᠯ ᠬᠠᠬᠢᠷ ᠬᠦᠢᠲᠡᠨ ᠪᠣᠯᠪᠠᠴᠤ᠂ ᠪᠠᠰᠠ ᠵᠠᠭᠤ ᠭᠠᠷᠤᠶ ᠬᠤᠲᠠ ᠶᠢᠨ ᠠᠷᠠᠳ ᠬᠥᠯ ᠵᠣᠭᠰᠣᠪᠠ᠃    ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ《 ᠬᠤᠷᠤᠭᠤᠨ ᠦᠵᠦᠭᠦᠷ ᠤᠨ ᠵᠡᠭᠦᠳᠦ 》ᠭᠠᠷ ᠤᠷᠠᠯᠠᠯ ᠤᠨ ᠲᠦᠷᠦᠯ ᠵᠦᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠡᠩ ᠤᠯᠠᠨ ᠭᠠᠷ ᠤᠷᠠᠯᠠᠯ ᠢ ᠨᠢᠭᠡ ᠳᠣᠣᠷ᠎ᠠ ᠴᠤᠭᠯᠠᠷᠠᠭᠤᠯᠵᠤ᠂ ᠡᠯᠡᠰᠦ ᠶᠢ ᠴᠤᠭᠯᠠᠭᠤᠯᠤᠨ ᠰᠤᠪᠤᠷᠭ᠎ᠠ ᠪᠣᠯᠭᠠᠵᠤ᠂ ᠡᠯ᠎ᠡ ᠲᠦᠷᠦᠯ ᠤᠨ ᠲᠤᠮᠤ ᠬᠡᠯᠪᠡᠷᠢ ᠶᠢᠨ ᠠᠵᠢᠯᠯᠠᠭ᠎ᠠ ᠪᠣᠯᠤᠨ ᠦᠨᠳᠦᠰᠦᠨ ᠱᠠᠲᠤᠨ ᠤ ᠵᠠᠰᠠᠯᠲᠠ ᠵᠡᠷᠭᠡ ᠲᠠᠢ ᠤᠶᠠᠯᠳᠤᠭᠤᠯᠵᠤ᠂《 ᠬᠤᠷᠤᠭᠤᠨ ᠦᠵᠦᠭᠦᠷ ᠤᠨ ᠤᠷ᠎ᠠ ᠮᠡᠷᠭᠡᠵᠢᠯ 》 ᠢ《 ᠬᠤᠷᠤᠭᠤᠨ ᠦᠵᠦᠭᠦᠷ ᠤᠨ ᠠᠵᠤ ᠠᠬᠤᠢ 》ᠪᠣᠯᠭᠠᠨ ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号