ᠣᠶᠢᠷ᠎ᠠ ᠳᠤ᠂ ᠵᠢᠤ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ《 ᠭᠤᠷᠪᠠᠨ ᠬᠤᠯᠪᠤᠭᠠᠲᠤ ᠬᠠᠭᠤᠳᠠᠰᠤ 》ᠲᠦᠷᠢᠮ ᠢᠶᠠᠷ ᠭᠠᠷᠳᠠᠴᠠ ᠪᠣᠯᠭᠠᠵᠤ᠂ | ᠪᠠᠷᠢᠯᠭ᠎ᠠ ᠶᠢᠨ ᠬᠤᠭ ᠨᠣᠪᠰᠢ ᠶᠢ ᠡᠬᠢ ᠡᠭᠦᠰᠦᠯ ᠠᠴᠠ ᠨᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠬᠡᠷᠡᠭᠵᠢᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠶᠢᠨ ᠣᠷᠴᠢᠨ ᠲᠣᠭᠤᠷᠢᠨ ᠤ | ᠬᠠᠮᠢᠶᠠᠷᠤᠯᠲᠠ ᠶᠢ ᠨᠠᠷᠢᠯᠢᠭᠵᠢᠭᠤᠯᠬᠤ᠂ ᠵᠢᠷᠤᠮᠵᠢᠭᠤᠯᠬᠤ ᠲᠡᠶᠢᠰᠢ ᠠᠬᠢᠭᠤᠯᠬᠤ ᠪᠠᠷ ᠪᠣᠶ᠃ | 《 ᠠᠩᠬ᠎ᠠ ᠤᠳᠠᠭ᠎ᠠ ᠵᠥᠷᠢᠴᠡᠭᠰᠡᠳ ᠢ ᠥᠯᠥ ᠰᠢᠢᠳᠭᠡᠬᠦ 》ᠪᠠᠶᠢᠳᠠᠯ ᠢᠯᠡᠳᠲᠡ ᠢᠯᠡᠷᠡᠵᠦ᠂ ᠬᠠᠤᠯᠢ | ᠲᠦᠭᠡᠮᠡᠯᠵᠢᠭᠦᠯᠬᠦ ᠬᠠᠤᠯᠢ ᠬᠡᠷᠡᠭᠵᠢᠭᠦᠯᠦᠯᠲᠡ ᠪᠣᠳᠠᠲᠤ ᠦᠷ᠎ᠡ ᠪᠦᠲᠦᠮᠵᠢ ᠤᠯᠪᠠ᠃ 5 ᠰᠠᠷ᠎ᠠ ᠶᠢᠨ 18 ᠤ ᠡᠳᠦᠷ᠂ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ | ᠪᠠᠷᠠᠭᠤᠨ ᠣᠪᠣᠭ᠎ᠠ ᠲᠣᠰᠬᠤᠨ ᠤ ᠬᠤᠶᠢᠲᠤ ᠭᠤᠷᠪᠠᠳᠤᠭᠠᠷ ᠲᠣᠭᠤᠷᠢᠯ ᠵᠠᠮ ᠢᠶᠠᠷ ᠲᠣᠭᠤᠷᠢᠨ ᠪᠠᠶᠢᠴᠠᠭᠠᠬᠤ ᠳᠠᠭᠠᠨ᠂ | ᠬᠤᠪᠢ ᠬᠥᠮᠦᠨ ᠤ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠬᠠᠶᠠᠭᠰᠠᠨ ᠦᠢᠯᠡ ᠠᠵᠢᠯᠯᠠᠭ᠎ᠠ ᠶᠢ | ᠢᠯᠡᠷᠡᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠳ《 ᠬᠠᠤᠯᠢ ᠠᠴᠠ ᠬᠥᠩᠭᠡᠪᠲᠦᠷ ᠵᠥᠷᠢᠴᠡᠭᠰᠡᠨ᠂ ᠲᠦᠷᠦᠭᠦᠦ ᠶᠢ | ᠨᠢ ᠥᠯᠥ ᠲᠣᠷᠭᠠᠬᠤ 》ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠩᠬ᠎ᠠ ᠤᠳᠠᠭ᠎ᠠ ᠲᠣᠭᠲᠠᠭᠠᠯ ᠠᠴᠠ | ᠵᠥᠷᠢᠴᠡᠭᠰᠡᠨ ᠲᠤᠬᠠᠶ ᠶᠢᠨ ᠬᠥᠮᠦᠨ ᠳᠤ ᠲᠤᠬᠠᠶ ᠶᠢᠨ ᠲᠠᠯᠠᠪᠠᠶ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠥᠮᠦᠵᠢᠯ ᠬᠢᠵᠦ᠂ ᠲᠡᠭᠦᠨ ᠢ ᠵᠠᠷᠯᠢᠭᠳᠠᠵᠤ ᠪᠠᠶᠢᠭᠠᠳ ᠳᠠᠷᠤᠢ ᠳᠤᠨᠢ ᠴᠡᠪᠡᠷᠯᠡᠭᠦᠯᠬᠦ ᠶᠢᠨ ᠬᠠᠮᠲᠤ | ᠣᠷᠴᠢᠨ ᠲᠣᠭᠤᠷᠢᠨ ᠢ ᠨᠢ ᠰᠡᠷᠭᠦᠭᠡᠯᠭᠡᠬᠦ ᠬᠡᠷᠡᠭᠲᠡᠶ᠃ ᠰᠢᠢᠳᠪᠦᠷᠢᠯᠡᠬᠦ ᠪᠥᠬᠦ ᠶᠠᠪᠤᠴᠠ ᠶᠢ ᠬᠠᠤᠯᠢ ᠬᠡᠷᠡᠭᠵᠢᠭᠦᠯᠬᠦ | ᠲᠡᠮᠳᠡᠭᠯᠡᠭᠦᠷ ᠤᠨ ᠲᠡᠮᠳᠡᠭᠯᠡᠯ ᠢᠶᠠᠷ ᠳᠠᠮᠵᠢᠭᠤᠯᠤᠨ᠂ ᠲᠥᠪ ᠭᠤᠤᠯᠴᠢ ᠢᠯᠡ ᠲᠣᠳᠣ ᠪᠠᠶᠢᠬᠤ ᠶᠢ ᠦᠨᠡᠨ ᠬᠦ | ᠪᠠᠲᠤᠯᠠᠨ᠎ᠠ᠃ ᠲᠣᠰ ᠤᠳᠠᠭᠠᠨ ᠤ ᠬᠡᠷᠡᠭ ᠨᠢ ᠬᠠᠤᠯᠢ ᠬᠡᠷᠡᠭᠵᠢᠭᠦᠯᠬᠦ ᠬᠠᠯᠠᠭᠤᠨ ᠳᠤᠯᠠᠭᠠᠨ ᠢ ᠢᠯᠡᠷᠡᠭᠦᠯᠦᠭᠰᠡᠨ | ᠪᠥᠭᠡᠳ ᠪᠠᠰᠠ ᠲᠠᠷᠠᠭᠠᠴᠢ ᠶᠢᠨ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠳᠤ ᠰᠡᠷᠡᠮᠵᠢ ᠶᠢᠨ ᠳᠣᠬᠢᠶ᠎ᠠ | ᠥᠭᠭᠦᠭᠰᠡᠨ ᠪᠠᠶᠢᠨ᠎ᠠ᠃ | 《 ᠭᠤᠷᠪᠠᠨ ᠬᠤᠯᠪᠣᠭᠠᠲᠤ ᠬᠠᠭᠤᠳᠠᠰᠤ 》 ᠶᠢᠨ ᠪᠢᠲᠡᠭᠦᠮᠵᠢᠯᠡᠭᠰᠡᠨ ᠬᠠᠮᠢᠶᠠᠷᠤᠯᠲᠠ᠂ ᠡᠬᠢ ᠰᠤᠷᠪᠤᠯᠵᠢ ᠶᠢ | ᠮᠥᠷᠳᠡᠨ ᠬᠠᠷᠢᠭᠤᠴᠠᠯᠭ᠎ᠠ ᠨᠡᠬᠡᠮᠵᠢᠯᠡᠵᠦ ᠪᠡᠷᠬᠡ ᠰᠡᠳᠦᠪ ᠢ ᠰᠢᠢᠳᠪᠦᠷᠢᠯᠡᠪᠡ᠃《 ᠭᠤᠷᠪᠠᠨ ᠬᠤᠯᠪᠣᠭᠠᠲᠤ | ᠬᠠᠭᠤᠳᠠᠰᠤ 》 ᠶᠢᠨ ᠲᠦᠷᠢᠮ ᠪᠣᠯ ᠵᠢᠦ ᠶᠤᠸᠠᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ | ᠭᠤᠤᠯ ᠲᠣᠭᠲᠠᠴᠠ ᠮᠥᠨ᠂ ᠪᠣᠶ ᠪᠣᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠭᠤᠷᠪᠠᠨ ᠲᠠᠯ᠎ᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠳᠡᠮᠵᠢᠨ᠂ ᠪᠥᠬᠦ ᠶᠠᠪᠤᠴᠠ ᠶᠢ ᠮᠥᠷᠳᠡᠨ ᠪᠠᠶᠢᠴᠠᠭᠠᠵᠤ ᠪᠣᠯᠬᠤ ᠶᠢ | ᠪᠡᠶᠡᠯᠡᠭᠦᠯᠪᠡ᠃ ᠭᠡᠲᠡᠯ᠎ᠡ᠂ ᠡᠨᠡ ᠤᠳᠠᠭ᠎ᠠ ᠶᠢᠨ ᠬᠡᠷᠡᠭ ᠨᠢ ᠣᠳᠣᠬᠠᠨ ᠤ ᠵᠠᠰᠠᠯᠲᠠ ᠳᠤᠮᠳᠠᠬᠢ ᠳᠤᠲᠠᠭᠤᠳᠠᠯ ᠢ | ᠢᠯᠡᠷᠡᠭᠦᠯᠪᠡ : ᠬᠡᠰᠡᠭ ᠭᠤᠭᠴᠤᠭ᠎ᠠ ᠳᠤ ᠮᠥᠨ ᠬᠦ ᠳᠡᠭᠡᠳᠦ ᠤᠷᠤᠰᠬᠠᠯ ᠤᠨ ᠬᠠᠷᠢᠭᠤᠴᠠᠯᠭ᠎ᠠ ᠶᠢ ᠨᠡᠬᠡᠮᠵᠢᠯᠡᠬᠦ | ᠡᠷᠴᠢᠮ ᠦᠭᠡᠢ᠂ ᠰᠠᠨᠠᠭᠠᠴᠢᠯᠠᠭ᠎ᠠ ᠦᠭᠡᠢ ᠪᠠᠷ ᠴᠡᠪᠡᠷᠯᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ | ᠲᠤᠯᠠᠳᠠ᠂ ᠱᠠ ᠾᠧ ᠬᠠᠤᠯᠢ ᠬᠡᠷᠡᠭᠵᠢᠭᠦᠯᠬᠦ ᠳᠤᠮᠳᠠ ᠠᠩᠭᠢ ᠦᠳᠲᠡᠷ ᠲᠦᠷᠭᠡᠨ ᠬᠥᠳᠡᠯᠦᠯᠴᠡᠵᠦ᠂ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠲᠣᠳᠣᠷᠬᠠᠶᠢᠯᠠᠵᠤ᠂《 ᠭᠤᠷᠪᠠᠨ | ᠬᠤᠯᠪᠤᠭᠠᠲᠤ ᠬᠠᠭᠤᠳᠠᠰᠤ 》 ᠶᠢᠨ ᠬᠡᠷᠡᠭᠯᠡᠯᠲᠡ ᠶᠢ ᠴᠢᠩᠭᠠᠳᠬᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ | ᠪᠠᠷᠢᠮᠲᠠ ᠬᠢᠵᠦ ᠦᠭᠬᠦ᠂ ᠡᠷᠭᠢᠯᠳᠦᠭᠦᠯᠬᠦ ᠵᠢᠴᠢ ᠲᠠᠩᠰᠠ ᠡᠪᠬᠡᠮᠡᠯ ᠳᠤ ᠣᠷᠣᠭᠤᠯᠬᠤ ᠪᠥᠬᠦ ᠶᠠᠪᠤᠴᠠ ᠶᠢ ᠴᠢᠩᠭ᠎ᠠ | ᠬᠠᠷᠭᠤᠭᠤᠯᠤᠨ ᠪᠠᠶᠢᠴᠠᠭᠠᠵᠤ᠂《 ᠪᠣᠶ ᠪᠣᠯᠭᠠᠬᠤ - ᠲᠡᠭᠡᠭᠡᠪᠦᠷᠢᠯᠡᠬᠦ - ᠰᠢᠢᠳᠪᠦᠷᠢᠯᠡᠬᠦ 》ᠪᠢᠲᠡᠭᠦᠦ ᠬᠡᠯᠬᠢᠶ᠎ᠡ ᠶᠢ | ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ《 ᠡᠬᠢ ᠰᠤᠷᠪᠤᠯᠵᠢ ᠶᠢ ᠨᠢ ᠪᠠᠶᠢᠴᠠᠭᠠᠨ | ᠳᠣᠲᠣᠯᠠᠵᠤ᠂ ᠭᠡᠷᠡᠴᠢ ᠪᠠᠷᠢᠮᠲᠠ ᠶᠢ ᠣᠨᠢᠰᠤᠯᠠᠵᠤ ᠳᠡᠶᠢᠯᠬᠦ 》 ᠶᠢ ᠦᠨᠡᠨ ᠬᠦ ᠪᠠᠲᠤᠯᠠᠪᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠪᠠᠷᠢᠯᠭ᠎ᠠ ᠶᠢᠨ | ᠬᠤᠭ ᠨᠣᠪᠰᠢ ᠶᠢᠨ ᠵᠠᠰᠠᠯᠲᠠ ᠶᠢ《 ᠲᠡᠭᠦᠰᠬᠡᠯ ᠦᠵᠦᠭᠦᠷ ᠢ ᠴᠡᠪᠡᠷᠯᠡᠬᠦ 》 ᠠᠴᠠ《 ᠡᠬᠢ ᠡᠭᠦᠰᠦᠯ ᠠᠴᠠ ᠨᠢ | ᠰᠡᠷᠭᠡᠶᠢᠯᠡᠨ ᠡᠵᠡᠮᠳᠡᠬᠦ 》ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠨᠢᠭᠡ ᠲᠠᠯ᠎ᠠ ᠪᠠᠷ᠂ ᠬᠠᠷᠢᠶ᠎ᠠ ᠣᠷᠣᠨ ᠤ ᠠᠵᠤ | ᠠᠬᠤᠶᠢᠯᠠᠯ᠂ ᠪᠠᠷᠢᠯᠭ᠎ᠠ ᠶᠢᠨ ᠭᠠᠵᠠᠷ ᠯᠤᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ 《 ᠭᠤᠷᠪᠠᠨ ᠬᠤᠯᠪᠣᠭᠠᠲᠤ ᠬᠠᠭᠤᠳᠠᠰᠤ 》 ᠶᠢ | ᠲᠠᠭᠯᠠᠬᠤ ᠶᠢ ᠰᠢᠮᠳᠠᠭᠤᠯᠵᠤ ᠵᠢᠷᠤᠮᠵᠢᠭᠤᠯᠤᠨ᠂ ᠬᠤᠭ ᠨᠣᠪᠰᠢ ᠶᠢᠨ ᠬᠠᠮᠢᠭᠠᠰᠢ ᠲᠣᠳᠣᠷᠬᠠᠶ᠂ ᠰᠢᠢᠳᠪᠦᠷᠢᠯᠡᠯᠲᠡ ᠨᠢ | ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠨ᠎ᠠ︔ ᠨᠥᠭᠦᠭᠡ ᠲᠠᠯ᠎ᠠ ᠪᠠᠷ᠂ ᠬᠠᠤᠯᠢ ᠬᠡᠷᠡᠭᠵᠢᠭᠦᠯᠬᠦ ᠠᠵᠢᠯᠲᠠᠨ ᠤ | ᠭᠡᠷᠡᠴᠢ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠭᠡᠷᠡᠴᠢ ᠪᠠᠷᠢᠮᠲᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ | ᠳᠠᠯᠳᠠᠭᠤᠷ ᠲᠡᠭᠡᠭᠡᠪᠦᠷᠢᠯᠡᠬᠦ ᠳᠤᠷ᠎ᠠ ᠪᠠᠷ ᠢᠶᠠᠨ ᠠᠰᠬᠠᠬᠤ᠂ ᠲᠣᠭᠲᠠᠭᠠᠯ ᠠᠴᠠ ᠵᠥᠷᠢᠴᠡᠨ ᠰᠢᠢᠳᠪᠦᠷᠢᠯᠡᠬᠦ ᠵᠡᠷᠭᠡ | ᠦᠢᠯᠡ ᠠᠵᠢᠯᠯᠠᠭ᠎ᠠ ᠶᠢ《 ᠥᠴᠦᠬᠡᠨ ᠴᠦ ᠠᠭᠤᠴᠢᠯᠠᠬᠤ ᠥᠬᠡᠶ 》ᠪᠠᠶᠢᠵᠤ᠂ ᠬᠠᠤᠯᠢ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ᠳᠦᠷᠢᠮ ᠢᠶᠠᠷ ᠬᠢᠵᠠᠭᠠᠷᠯᠠᠬᠤ ᠪᠠ ᠬᠠᠤᠯᠢ ᠬᠡᠷᠡᠭᠵᠢᠭᠦᠯᠬᠦ ᠪᠠᠷ ᠰᠦᠷᠳᠡᠭᠦᠯᠬᠦ《 | ᠬᠤᠶᠠᠷ ᠲᠠᠯ᠎ᠠ ᠶᠢ ᠵᠡᠷᠭᠡ ᠪᠠᠷ ᠠᠳᠬᠤᠬᠤ 》 ᠪᠠᠷ ᠳᠠᠮᠵᠢᠭᠤᠯᠤᠨ᠂ ᠬᠠᠤᠯᠢ ᠠᠴᠠ ᠵᠥᠷᠢᠴᠡᠭᠰᠡᠨ ᠰᠠᠮᠠᠭᠤᠨ | ᠪᠠᠶᠢᠳᠠᠯ ᠢ ᠪᠦᠲᠦᠮᠵᠢᠲᠡᠶ ᠬᠤᠷᠢᠭᠯᠠᠨ᠎ᠠ᠃ | | | | ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠬᠤ ᠲᠣᠭᠲᠠᠴᠠ ᠪᠠᠨ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠶᠢ ᠴᠢᠩᠭᠠᠳᠬᠠᠵᠤ᠂ | ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ | ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ ᠡᠭᠦᠨ ᠤ ᠬᠠᠮᠲᠤ ᠥᠷᠭᠡᠨ ᠣᠯᠠᠨ ᠠᠵᠤ ᠠᠬᠤᠶᠢᠯᠠᠯ | ᠪᠣᠯᠤᠨ ᠬᠤᠲᠠ ᠶᠢᠨ ᠠᠷᠠᠳ ᠬᠠᠤᠯᠢ ᠲᠣᠭᠲᠠᠭᠠᠯ ᠢ ᠴᠢᠩᠭ᠎ᠠ ᠰᠠᠬᠢᠵᠤ᠂ ᠣᠷᠴᠢᠨ ᠲᠣᠭᠤᠷᠢᠨ ᠤ ᠵᠠᠰᠠᠯᠲᠠ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠴᠡᠪᠡᠷ ᠲᠡᠭᠰᠢ ᠡᠮᠬᠢ ᠵᠢᠷᠤᠮ ᠲᠠᠢ ᠬᠤᠲᠠ ᠶᠢᠨ ᠬᠡᠷ ᠣᠷᠣᠨ ᠢᠶᠠᠨ | ᠬᠠᠮᠲᠤ ᠪᠠᠷ ᠰᠠᠬᠢᠨ ᠬᠠᠮᠠᠭᠠᠯᠠᠬᠤ ᠶᠢ ᠤᠷᠢᠶᠠᠯᠠᠵᠤ ᠪᠠᠶᠢᠨ᠎ᠠ᠃ | | | | | | |