ᠦᠨᠳᠦᠰᠦᠨ ᠱᠠᠲᠤᠨ ᠤ ᠵᠠᠰᠠᠯᠲᠠ ᠪᠣᠯ ᠤᠯᠤᠰ ᠤᠨ ᠵᠠᠰᠠᠯᠲᠠ ᠶᠢᠨ《 ᠡᠴᠦᠰ ᠤᠨ ᠨᠢᠭᠡ | ᠺᠢᠯᠣᠮᠧᠲᠷ》ᠪᠣᠯᠤᠨ᠎ᠠ᠂ ᠰᠤᠮᠤ ᠪᠠᠯᠭᠠᠰᠤ᠂ ᠵᠡᠭᠡᠯᠢ ᠭᠤᠳᠤᠮᠵᠢ ᠭᠡᠷ ᠬᠤᠷᠢᠶᠠᠯᠠᠯ ᠨᠢ ᠣᠯᠠᠨ ᠲᠦᠮᠡᠨ ᠳᠤ ᠰᠢᠭᠤᠳ | ᠦᠢᠯᠡᠴᠢᠯᠡᠬᠦ ᠭᠤᠤᠯ ᠬᠦᠴᠦᠨ ᠪᠣᠯᠤᠭᠰᠠᠨ ᠤ ᠬᠤᠪᠢ ᠳᠤ᠂ ᠲᠡᠭᠦᠨ ᠤ ᠵᠠᠷᠤᠳᠠᠯ ᠢ ᠪᠠᠲᠤᠯᠠᠬᠤ ᠬᠢᠷᠢ ᠲᠦᠪᠰᠢᠨ ᠨᠢ | ᠵᠠᠰᠠᠯᠲᠠ ᠶᠢᠨ ᠦᠷ᠎ᠡ ᠪᠦᠲᠦᠮᠵᠢ ᠶᠢ ᠰᠢᠭᠤᠳ ᠨᠥᠯᠥᠭᠡᠯᠡᠨ᠎ᠡ᠃ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠨᠢ ᠰᠤᠮᠤ ᠪᠠᠯᠭᠠᠰᠤ᠂ ᠵᠡᠭᠡᠯᠢ ᠭᠤᠳᠤᠮᠵᠢ ᠭᠡᠷ ᠬᠤᠷᠢᠶᠠᠯᠠᠯ ᠤᠨ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠪᠠᠨ | ᠨᠡᠮᠡᠭᠳᠡᠭᠦᠯᠦᠨ᠂ ᠵᠠᠷᠤᠳᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ | ᠨᠢᠭᠡ ᠳᠤ ᠠᠵᠢᠯᠲᠠᠨ ᠤ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤ᠂ ᠬᠡᠷᠡᠭ | ᠡᠷᠬᠢᠯᠡᠬᠦ ᠭᠠᠵᠠᠷ ᠤᠨ ᠠᠵᠢᠯ ᠤᠨ ᠨᠥᠬᠦᠪᠥᠷᠢ ᠶᠢᠨ ᠵᠣᠬᠢᠴᠠᠮᠵᠢ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ | ᠭᠠᠴᠠᠭ᠎ᠠ ᠲᠣᠰᠬᠤᠨ ᠤ《 ᠬᠤᠶᠠᠷ ᠵᠥᠪᠯᠡᠯ 》᠂ ᠭᠡᠷ ᠬᠤᠷᠢᠶᠠᠯᠠᠯ ᠤᠨ ᠠᠵᠢᠯᠲᠠᠨ ᠤ ᠬᠥᠯᠥᠰᠥ ᠣᠯᠭᠤᠮᠵᠢ ᠶᠢ | ᠪᠦᠬᠦ ᠬᠦᠴᠦᠨ ᠢᠶᠠᠷ ᠪᠠᠲᠤᠯᠠᠵᠤ᠂ ᠦᠨᠳᠦᠰᠦᠨ ᠱᠠᠲᠤᠨ ᠤ ᠺᠠᠳ᠋ᠷ ᠤᠨ ᠠᠵᠢᠯ ᠤᠨ ᠬᠠᠯᠠᠭᠤᠨ ᠰᠡᠳᠬᠢᠯᠭᠡ ᠶᠢ | ᠳᠠᠶᠢᠴᠢᠯᠠᠨ᠎ᠠ᠃ 2025 ᠣᠨ ᠤ ᠡᠬᠢᠨ ᠳᠤ ᠲᠥᠰᠦᠪ ᠤᠨ ᠳᠣᠭᠢᠷᠠᠭᠤᠯᠤᠭᠰᠠᠨ ᠠᠵᠢᠯᠲᠠᠨ ᠤ ᠵᠠᠷᠤᠳᠠᠯ 3596 | ᠲᠦᠮᠡᠨ ᠲᠥᠭᠦᠷᠢᠭ ᠪᠣᠯᠤᠨ᠎ᠠ᠂ ᠡᠭᠦᠨ ᠳᠤ : ᠰᠤᠮᠤ ᠪᠠᠯᠭᠠᠰᠤᠨ ᠤ ᠺᠠᠳ᠋ᠷ ᠰᠢᠶᠠᠩ ᠪᠠᠯᠭᠠᠰᠤᠨ ᠤ ᠠᠵᠢᠯ ᠤᠨ | ᠨᠥᠬᠦᠪᠥᠷᠢ 380 ᠲᠦᠮᠡᠨ ᠲᠥᠭᠦᠷᠢᠭ᠂ ᠲᠣᠰᠬᠤᠨ ᠤ ᠵᠥᠪᠯᠡᠯ ᠤᠨ ᠴᠠᠯᠢᠩ 1374 ᠲᠦᠮᠡᠨ ᠲᠥᠭᠦᠷᠢᠭ᠂ ᠭᠡᠷ | ᠬᠤᠷᠢᠶᠠᠯᠠᠯ ᠤᠨ ᠠᠵᠢᠯᠲᠠᠨ ᠤ ᠴᠠᠯᠢᠩ 1624 ᠲᠦᠮᠡᠨ ᠲᠥᠭᠦᠷᠢᠭ᠂ ᠭᠡᠷ ᠬᠤᠷᠢᠶᠠᠯᠠᠯ ᠤᠨ ᠠᠷᠠᠳ ᠤᠨ | ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠴᠠᠯᠢᠩ 218 ᠲᠦᠮᠡᠨ ᠲᠥᠭᠦᠷᠢᠭ ᠵᠡᠷᠭᠡ ᠪᠣᠯᠤᠨ᠎ᠠ᠃ | ᠡᠭᠦᠨ ᠤ ᠬᠠᠮᠲᠤ ᠰᠤᠮᠤ ᠪᠠᠯᠭᠠᠰᠤᠨ ᠤ ᠠᠵᠢᠯᠲᠠᠨ ᠤ ᠦᠨᠳᠦᠰᠦᠨ ᠬᠥᠯᠥᠰᠥ ᠣᠯᠭᠤᠮᠵᠢ ᠶᠢᠨ ᠬᠡᠪ ᠤᠨ | ᠥᠰᠥᠯᠲᠡ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠴᠠᠯᠢᠩ ᠢ ᠨᠡᠮᠡᠭᠳᠡᠭᠦᠯᠬᠦ ᠬᠠᠮᠢᠶ᠎ᠠ ᠪᠥᠬᠦᠶ ᠠᠵᠢᠯ ᠢ | ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠪᠠᠯᠠ ᠮᠥᠩᠭᠦ ᠴᠤᠭᠯᠠᠭᠤᠯᠵᠤ᠂ ᠬᠡᠪ ᠤᠨ ᠥᠰᠥᠯᠲᠡ ᠶᠢᠨ | ᠣᠯᠭᠤᠮᠵᠢ ᠶᠢ ᠴᠠᠭ ᠲᠤᠬᠠᠶ ᠳᠤ ᠨᠢ ᠭᠦᠢᠴᠡᠳ ᠣᠯᠭᠤᠬᠤ ᠶᠢ ᠪᠠᠲᠤᠯᠠᠨ᠎ᠠ᠃ | ᠬᠤᠶᠠᠷ ᠲᠤ ᠦᠨᠳᠦᠰᠦᠨ ᠱᠠᠲᠤᠨ ᠤ ᠠᠵᠢᠯᠯᠠᠭᠠᠨ ᠤ ᠪᠠᠲᠤᠯᠠᠭ᠎ᠠ ᠶᠢ ᠴᠢᠩᠭᠠᠳᠬᠠᠨ᠎ᠠ᠃ ᠳᠡᠭᠡᠳᠦ ᠱᠠᠲᠤᠨ ᠤ | ᠰᠢᠯᠵᠢᠭᠦᠯᠦᠨ ᠦᠭᠬᠦ ᠵᠢᠴᠢ ᠲᠤᠰ ᠱᠠᠲᠤᠨ ᠤ ᠲᠥᠰᠦᠪ ᠤᠨ ᠲᠣᠬᠢᠷᠠᠭᠤᠯᠤᠭᠰᠠᠨ ᠪᠡᠯᠡ ᠮᠥᠩᠭᠦ ᠶᠢ ᠨᠢᠭᠡᠳᠦᠯᠲᠡᠶ | ᠲᠥᠯᠥᠪᠯᠡᠨ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠭᠡᠷ | ᠬᠤᠷᠢᠶᠠᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠣᠯᠠᠨ ᠲᠦᠮᠡᠨ ᠳᠤ ᠦᠢᠯᠡᠴᠢᠯᠡᠬᠦ ᠪᠡᠯᠡ | ᠮᠥᠩᠭᠦ ᠵᠡᠷᠭᠡ ᠭᠡᠷ ᠬᠤᠷᠢᠶᠠᠯᠠᠯ ᠤᠨ ᠵᠠᠰᠠᠯᠲᠠ ᠶᠢᠨ ᠲᠤᠰᠬᠠᠶ ᠵᠠᠷᠤᠳᠠᠯ ᠢ ᠭᠤᠣᠯᠳᠠᠯᠭ᠎ᠠ ᠲᠠᠢ ᠪᠠᠲᠤᠯᠠᠵᠤ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠶᠢᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ᠃ ᠡᠨᠡ | ᠵᠢᠯ ᠠᠴᠠ ᠨᠠᠰᠢ᠂ ᠨᠡᠶᠢᠲᠡ 1603 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠪᠠ᠂ ᠡᠭᠦᠨ ᠳᠤ : ᠭᠠᠴᠠᠭ᠎ᠠ | ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ 448 ᠲᠦᠮᠡᠨ ᠲᠥᠭᠦᠷᠢᠭ᠂ ᠭᠡᠷ | ᠬᠤᠷᠢᠶᠠᠯᠠᠯ ᠤᠨ ᠠᠵᠢᠯ ᠤᠨ ᠵᠠᠷᠤᠳᠠᠯ 669 ᠲᠦᠮᠡᠨ ᠲᠥᠭᠦᠷᠢᠭ᠂ ᠭᠡᠷ ᠬᠤᠷᠢᠶᠠᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠪᠠᠯᠠ ᠮᠥᠩᠭᠦ 390 ᠲᠦᠮᠡᠨ ᠲᠥᠭᠦᠷᠢᠭ᠂ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠪᠠᠯᠠ ᠮᠥᠩᠭᠦ 10 | ᠲᠦᠮᠡᠨ ᠲᠥᠭᠦᠷᠢᠭ᠂ ᠬᠤᠲᠠ ᠪᠠᠯᠭᠠᠰᠤᠨ ᠤ ᠭᠡᠷ ᠬᠤᠷᠢᠶᠠᠯᠠᠯ ᠤᠨ ᠶᠡᠷᠦᠩᠬᠡᠶᠢᠯᠡᠭᠰᠡᠨ ᠨᠥᠬᠦᠪᠥᠷᠢ ᠪᠠᠯᠠ ᠮᠥᠩᠭᠦ | 66 ᠲᠦᠮᠡᠨ ᠲᠥᠭᠦᠷᠢᠭ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠵᠥᠪᠯᠡᠯ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ 20 ᠲᠦᠮᠡᠨ ᠲᠥᠭᠦᠷᠢᠭ ᠪᠣᠶ᠃ | ᠭᠤᠷᠪᠠ ᠳᠤ ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠎ᠠ᠃ ᠲᠤᠰᠬᠠᠶ | ᠪᠠᠯᠠ ᠮᠥᠩᠭᠦ ᠣᠷᠣᠭᠤᠯᠤᠨ ᠦᠨᠳᠦᠰᠦᠨ ᠱᠠᠲᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠣᠶᠣᠯ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠨᠥᠬᠦᠪᠥᠷᠢ ᠦᠭᠬᠦ ᠲᠥᠷᠥᠯ ᠵᠦᠢᠯ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ᠂ ᠬᠤᠭᠤᠯᠠᠶ ᠶᠢᠨ ᠲᠤᠤᠷ ᠢ | ᠥᠭᠡᠷᠡᠴᠢᠯᠡᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠳᠤ | ᠬᠡᠷᠡᠭᠯᠡᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ | ᠲᠥᠷᠥᠯ ᠵᠦᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠪᠠᠲᠤᠯᠠᠨ᠎ᠠ᠃ ᠣᠳᠣᠬᠠᠨ ᠪᠣᠯᠲᠠᠯ᠎ᠠ | ᠨᠢᠭᠡᠨᠲᠡ 3000 ᠭᠠᠷᠤᠶ ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠪᠠᠭᠤᠯᠭᠠᠵᠤ᠂ ᠭᠤᠤᠯᠳᠠᠭᠤ : | ᠨᠣᠭᠤᠭᠠᠷᠠᠭᠤᠯᠤᠯᠲᠠ ᠶᠢᠨ ᠠᠷᠠᠴᠢᠯᠠᠨ ᠬᠠᠮᠠᠭᠠᠯᠠᠬᠤ ᠨᠥᠬᠦᠪᠥᠷᠢ 1151 ᠲᠦᠮᠡᠨ ᠲᠥᠭᠦᠷᠢᠭ᠂ ᠬᠥᠳᠡᠭᠡ | ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠯᠠ ᠮᠥᠩᠭᠦ 280 ᠲᠦᠮᠡᠨ | ᠲᠥᠭᠦᠷᠢᠭ᠂ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠠᠵᠢᠯ ᠤᠨ ᠵᠠᠷᠤᠳᠠᠯ 245 | ᠲᠦᠮᠡᠨ ᠲᠥᠭᠦᠷᠢᠭ᠂ ᠬᠠᠲᠤᠨ ᠭᠤᠤᠯ ᠤᠨ ᠰᠠᠪᠠ ᠭᠠᠵᠠᠷ ᠤᠨ ᠬᠥᠨᠳᠡᠯᠡᠨ ᠠᠮᠢ ᠠᠬᠤᠶ ᠶᠢᠨ ᠨᠥᠬᠦᠪᠥᠷᠢ ᠶᠢᠨ | ᠲᠤᠰᠬᠠᠶ ᠪᠠᠯᠠ ᠮᠥᠩᠭᠦ 150 ᠲᠦᠮᠡᠨ ᠲᠥᠭᠦᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠨᠥᠬᠦᠪᠥᠷᠢ 1000 ᠲᠦᠮᠡᠨ ᠲᠥᠭᠦᠷᠢᠭ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠰᠢᠯᠵᠢᠭᠦᠯᠦᠨ ᠥᠭᠭᠦᠭᠰᠡᠨ ᠪᠠᠯᠠ ᠮᠥᠩᠭᠦ 556 ᠲᠦᠮᠡᠨ ᠲᠥᠭᠦᠷᠢᠭ᠂ ᠨᠠᠰᠤᠲᠠᠶᠢᠴᠤᠳ ᠤᠨ ᠬᠤᠭᠤᠯᠠ ᠤᠮᠳᠠ | ᠪᠠ ᠨᠠᠰᠤᠵᠢᠯ ᠤᠨ ᠦᠢᠯᠡᠴᠢᠯᠡᠭᠡᠨ ᠤ ᠲᠥᠷᠥᠯ ᠵᠦᠢᠯ 5 ᠲᠦᠮᠡᠨ ᠲᠥᠭᠦᠷᠢᠭ ᠵᠡᠷᠭᠡ ᠪᠣᠶ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠦᠨᠳᠦᠰᠦᠨ ᠱᠠᠲᠤᠨ ᠤ | ᠵᠠᠰᠠᠯᠲᠠ ᠶᠢᠨ ᠬᠠᠷᠠᠯᠲᠠ ᠡᠭᠦᠷᠭᠡ ᠶᠢ ᠦᠷᠭᠦᠯᠵᠢᠯᠡᠨ ᠲᠣᠭᠲᠠᠭᠠᠵᠤ᠂ ᠪᠠᠯᠠ ᠮᠥᠩᠭᠦ ᠶᠢᠨ ᠪᠠᠲᠤᠯᠠᠭ᠎ᠠ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠲᠥᠰᠦᠪ ᠢ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠬᠠᠮᠢᠶ᠎ᠠ ᠪᠥᠬᠦᠶ ᠵᠠᠷᠤᠳᠠᠯ ᠢ ᠬᠢᠨᠠᠨ ᠬᠠᠷᠭᠤᠭᠤᠯᠬᠤ᠂ ᠰᠠᠯᠭᠠᠨ | ᠦᠭᠬᠦ ᠵᠢᠴᠢ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠦᠷ᠎ᠡ ᠠᠰᠢᠭ ᠢ ᠪᠠᠳᠠᠷᠠᠭᠤᠯᠤᠨ᠎ᠠ᠃ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠵᠢᠤ ᠶᠤᠸᠠᠨ | ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠳᠤ ᠬᠦᠴᠦ | ᠨᠡᠮᠡᠷᠢᠯᠡᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ | | | | | | | | |