ᠮᠡᠷᠭᠡᠵᠢᠯ ᠤᠨ ᠳᠡᠭᠡᠭᠰᠢᠯᠡᠯᠲᠡ ᠪᠠᠷ ᠠᠵᠢᠯ ᠣᠯᠭᠤᠯᠲᠠ ᠶᠢ ᠠᠬᠢᠭᠤᠯᠵᠤ᠂  ᠭᠡᠷ ᠬᠤᠷᠢᠶᠠᠯᠠᠯ ᠬᠦᠴᠦ ᠨᠡᠮᠡᠷᠢᠯᠡᠨ ᠢᠷᠡᠭᠡᠳᠦᠶ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2025/5/23
    ᠬᠠᠷᠢᠶ᠎ᠠ ᠣᠷᠣᠨ ᠤ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠠᠮᠲᠤᠯᠢᠭ ᠢ ᠬᠠᠪᠰᠤᠷᠤᠨ ᠲᠣᠭᠠᠴᠢᠯᠠᠭᠰᠠᠨ ᠴᠠᠭ ᠦᠶ᠎ᠡ ᠶᠢᠨ ᠰᠠᠭᠤᠷᠢ ᠤᠷ᠎ᠠ ᠴᠢᠳᠠᠪᠤᠷᠢ ᠶᠢ ᠡᠵᠡᠮᠰᠢᠭᠦᠯᠵᠦ᠂ ᠰᠠᠭᠤᠭᠠᠯᠢ ᠠᠷᠠᠳ ᠤᠨ ᠠᠵᠢᠯ ᠤᠯᠬᠤ ᠥᠷᠢᠰᠥᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 21  ᠤ ᠡᠳᠦᠷ ᠤᠨ ᠦᠳᠡ ᠶᠢᠨ ᠡᠮᠦᠨ᠎ᠡ᠂ ᠯᠦᠩ ᠢᠦᠶ ᠭᠡᠷ ᠬᠤᠷᠢᠶᠠᠯᠠᠯ ᠨᠢ ᠥᠪᠥᠷ ᠮᠣᠩᠭᠤᠯ ᠤᠨ ᠪᠠᠷᠠᠭᠤᠨ ᠬᠤᠶᠢᠲᠤ ᠶᠢᠨ ᠴᠠᠬᠢᠯᠭᠠᠨ ᠬᠦᠴᠦᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠠᠢ ᠬᠠᠮᠲᠤᠷᠠᠨ ᠨᠢᠭᠡ ᠭᠠᠷᠠᠭ ᠤᠨ ᠬᠤᠭᠤᠴᠠᠭ᠎ᠠ ᠲᠠᠢ《 ᠺᠣᠮᠫᠢᠦ᠋ᠲ᠋ᠧᠷ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ ᠠᠵᠢᠯ ᠣᠯᠭᠤᠯᠲᠠ ᠶᠢ ᠠᠬᠢᠭᠤᠯᠬᠤ 》ᠲᠤᠰᠬᠠᠶ ᠪᠤᠯᠪᠠᠰᠤᠷᠠᠯ ᠢ ᠡᠬᠢᠯᠡᠭᠦᠯᠪᠡ᠃ ᠲᠣᠰ ᠤᠳᠠᠭᠠᠨ ᠤ ᠪᠤᠯᠪᠠᠰᠤᠷᠠᠯ ᠨᠢ ᠺᠣᠮᠫᠢᠦ᠋ᠲ᠋ᠧᠷ ᠤᠨ ᠰᠠᠭᠤᠷᠢ ᠮᠡᠳᠡᠯᠭᠡ᠂ ᠠᠯᠪᠠᠨ ᠬᠡᠷ ᠤᠨ ᠵᠥᠭᠡᠯᠡᠨ ᠲᠣᠨᠤᠭ ᠤᠨ ᠠᠵᠢᠯᠯᠠᠭ᠎ᠠ ᠵᠢᠴᠢ ᠰᠦᠯᠵᠢᠶᠡᠨ ᠤ ᠶᠡᠷᠦ ᠶᠢᠨ ᠮᠡᠳᠡᠯᠭᠡ ᠵᠡᠷᠭᠡ ᠭᠤᠤᠯ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂   ᠰᠤᠷᠤᠭᠴᠢᠳ ᠤᠨ ᠬᠡᠷᠡᠭᠯᠡᠭᠡᠨ ᠤ ᠤᠷ᠎ᠠ ᠴᠢᠳᠠᠪᠤᠷᠢ ᠶᠢ ᠡᠵᠡᠮᠰᠢᠬᠦ ᠳᠤ ᠬᠦᠴᠦ ᠨᠡᠮᠡᠷᠢᠯᠡᠵᠦ᠂ ᠠᠵᠢᠯ ᠤᠯᠬᠤ ᠠᠷᠭ᠎ᠠ ᠵᠠᠮ ᠢ ᠨᠢ ᠥᠷᠭᠡᠳᠬᠡᠨ᠎ᠡ᠃
11.jpg
    ᠪᠤᠯᠪᠠᠰᠤᠷᠠᠯ ᠤᠨ ᠶᠠᠪᠤᠴᠠ ᠳᠤ ᠪᠠᠷᠠᠭᠤᠨ ᠬᠤᠶᠢᠲᠤ ᠶᠢᠨ ᠴᠠᠬᠢᠯᠭᠠᠨ ᠬᠦᠴᠦᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠮᠧᠶ ᠪᠠᠭᠰᠢ《 ᠣᠨᠣᠯ ᠤᠨ ᠲᠠᠶᠢᠯᠤᠮᠵᠢ + ᠪᠣᠳᠠᠲᠤ ᠪᠣᠯᠪᠠᠰᠤᠷᠠᠯ ᠤᠨ ᠰᠣᠷᠢᠯᠲᠠ 》 ᠶᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠬᠡᠪ ᠵᠠᠭᠪᠤᠷ ᠢ ᠬᠡᠷᠡᠭᠯᠡᠨ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ Word  ᠪᠢᠴᠢᠭᠯᠡᠯ ᠤᠨ ᠪᠠᠷᠯᠠᠬᠤ᠂ Excel ᠲᠤᠭ᠎ᠠ ᠪᠠᠷᠢᠮᠲᠠ ᠶᠢ ᠰᠢᠢᠳᠪᠦᠷᠢᠯᠡᠬᠦ᠂ PPT ᠦᠢᠯᠡᠳᠬᠦ ᠵᠡᠷᠭᠡ ᠠᠯᠪᠠᠯᠠᠬᠤ ᠵᠥᠭᠡᠯᠡᠨ ᠲᠣᠨᠤᠭ ᠤᠨ ᠬᠡᠷᠡᠭᠯᠡᠭᠡᠨ ᠤ ᠤᠷ᠎ᠠ ᠮᠡᠷᠭᠡᠵᠢᠯ ᠵᠢᠴᠢ ᠰᠦᠯᠵᠢᠶᠡᠨ ᠤ ᠪᠠᠶᠢᠩᠭᠤ ᠲᠤᠬᠢᠶᠠᠯᠳᠤᠬᠤ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠰᠢᠰᠲ᠋ᠧᠮ ᠲᠠᠢ ᠵᠢᠭᠠᠬᠤ ᠶᠢᠨ ᠬᠠᠮᠲᠤ ᠰᠤᠷᠤᠭᠴᠢᠳ ᠤᠨ ᠠᠵᠢᠯᠯᠠᠬᠤ ᠶᠠᠪᠤᠴᠠ ᠳᠤ ᠲᠣᠬᠢᠶᠠᠯᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠲᠠᠶᠢᠯᠪᠦᠷᠢᠯᠠᠨ ᠵᠢᠯᠤᠭᠤᠳᠴᠤ᠂ ᠰᠤᠷᠤᠭᠴᠢᠳ ᠢᠳᠡᠪᠬᠢᠲᠡᠶ ᠪᠠᠷ ᠭᠠᠷ ᠬᠦᠳᠡᠯᠦᠨ ᠦᠢᠯᠡᠳᠦᠯᠭᠡᠵᠢᠭᠦᠯᠵᠦ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠠᠭᠤᠷ ᠠᠮᠢᠰᠬᠤᠯ  ᠭᠦᠨ ᠵᠤᠵᠠᠭᠠᠨ ᠪᠠᠶᠢᠪᠠ᠃    ᠰᠢᠰᠲ᠋ᠧᠮᠴᠢᠯᠡᠭᠰᠡᠨ ᠪᠣᠯᠪᠠᠰᠤᠷᠠᠯ ᠢᠶᠠᠷ ᠳᠠᠮᠵᠢᠨ᠂ ᠯᠦᠩ ᠢᠦᠢ ᠭᠡᠷ ᠬᠤᠷᠢᠶᠠᠯᠠᠯ ᠨᠢ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠦᠨᠡᠨ ᠬᠦ ᠬᠠᠪᠰᠤᠷᠤᠨ ᠠᠯᠪᠠᠯᠠᠬᠤ ᠵᠥᠭᠡᠯᠡᠨ ᠲᠣᠨᠤᠭ ᠤᠨ ᠠᠵᠢᠯᠯᠠᠭ᠎ᠠ᠂ ᠰᠦᠯᠵᠢᠶᠡᠨ ᠤ ᠬᠡᠷᠡᠭᠯᠡᠭᠡ ᠵᠡᠷᠭᠡ ᠬᠡᠷᠡᠭᠯᠡᠭᠡᠨ ᠤ ᠤᠷ᠎ᠠ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠭᠦᠯᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠪᠦᠲᠦᠮᠵᠢᠲᠡᠢ ᠥᠷᠭᠡᠳᠬᠡᠵᠦ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠲᠠᠷᠠᠭᠠᠴᠢ ᠪᠠᠷ᠂ ᠯᠦᠩ ᠢᠦᠶ ᠭᠡᠷ ᠬᠤᠷᠢᠶᠠᠯᠠᠯ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠣᠯᠠᠨ ᠡᠰᠢᠴᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠵᠠᠭᠪᠤᠷ ᠤᠨ ᠰᠢᠨ᠎ᠡ ᠶᠢ ᠡᠭᠦᠳᠦᠨ ᠥᠷᠭᠡᠳᠬᠡᠵᠦ᠂ ᠬᠠᠷᠢᠶᠠᠲᠤ ᠣᠷᠣᠨ ᠤ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠠᠵᠢᠯ ᠤᠯᠬᠤ ᠥᠷᠢᠰᠥᠯᠳᠦᠬᠦ ᠬᠦᠴᠦᠨ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠣᠯᠠᠨ ᠲᠦᠮᠡᠨ ᠤ ᠠᠵᠢᠯ ᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号