ᠲᠠᠷᠢᠬᠤ ᠶᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠵᠠᠰᠠᠯᠲᠠ ᠶᠢᠨ ᠦᠷ᠎ᠡ | ᠪᠦᠲᠦᠮᠵᠢ ᠪᠠᠨ ᠪᠠᠬᠢᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠬᠤᠭᠤᠴᠠᠭ᠎ᠠ ᠶᠢ | ᠴᠢᠩᠭ᠎ᠠ ᠳᠠᠭᠠᠬᠤ ᠶᠢᠨ ᠲᠥᠯᠥᠭᠡ᠂ ᠬᠤᠷᠢᠨᠭᠡᠷ ᠪᠠᠯᠭᠠᠰᠤ《 ᠤᠨᠤᠪᠴᠢᠲᠠᠢ ᠵᠠᠭᠠᠭᠯᠠᠬᠤ + ᠤᠷᠳᠤ ᠬᠤᠭᠤᠴᠠᠭᠠᠨ ᠤ | ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ 》 ᠪᠠᠷ ᠭᠠᠷᠳᠠᠴᠠ ᠪᠣᠯᠭᠠᠵᠤ᠂ ᠨᠢᠭᠡᠨᠲᠡ ᠪᠠᠶᠢᠭᠤᠯᠵᠤ ᠳᠠᠭᠤᠰᠤᠭᠰᠠᠨ | ᠲᠠᠷᠢᠬᠤ ᠶᠢ ᠴᠠᠭᠠᠵᠠᠯᠠᠬᠤ ᠱᠤᠭᠤᠮ ᠳᠤ ᠭᠤᠭᠤᠵᠢᠭᠳᠠᠭᠰᠠᠨ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠬᠦ ᠠᠵᠢᠯ ᠢ | ᠦᠷᠨᠢᠭᠦᠯᠬᠦ ᠶᠢᠨ ᠬᠠᠮᠲᠤ ᠳᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠰᠢᠰᠲ᠋ᠧᠮ ᠲᠠᠢ ᠪᠠᠷ ᠲᠦᠯᠦᠪᠯᠡᠵᠦ᠂ ᠬᠠᠳᠤᠨ | ᠭᠤᠣᠯ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ | | | | 《 ᠵᠢᠤ ᠶᠤᠸᠠᠨ ᠲᠣᠭᠤᠷᠢᠭ ᠤᠨ ᠬᠠᠲᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠤᠨ 2025 | ᠣᠨ ᠤ ᠴᠡᠭᠴᠡᠯᠡᠨ ᠵᠠᠰᠠᠬᠤ ᠠᠵᠢᠯ ᠤᠨ ᠲᠥᠰᠦᠯ 》 ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠮᠠᠨ ᠤ ᠪᠠᠯᠭᠠᠰᠤ ᠲᠤᠰᠬᠠᠶ ᠠᠵᠢᠯ ᠤᠨ ᠳᠤᠭᠤᠶᠢᠯᠠᠩ | ᠪᠠᠶᠢᠭᠤᠯᠵᠤ᠂ ᠬᠠᠲᠤᠨ ᠭᠤᠤᠯ ᠤᠨ ᠲᠠᠩ ᠭᠠᠵᠠᠷ ᠤᠨ ᠲᠠᠷᠢᠮᠠᠯ ᠤᠨ ᠪᠠᠶᠢᠳᠠᠯ ᠢ ᠬᠡᠰᠡᠭ ᠡᠷᠤᠭᠡ ᠳᠠᠷᠠᠭᠠᠯᠠᠨ | ᠲᠣᠭᠤᠷᠢᠨ ᠪᠠᠶᠢᠴᠠᠭᠠᠪᠠ᠃ | ᠡᠭᠦᠨ ᠤ ᠬᠠᠮᠲᠤ᠂ ᠲᠠᠷᠢᠶᠠᠴᠢᠨ ᠡᠷᠦᠬᠡ ᠳᠤ ᠬᠠᠲᠤᠨ ᠭᠤᠤᠯ ᠤᠨ ᠲᠠᠩ ᠤᠨ ᠭᠠᠵᠠᠷ ᠲᠤ ᠳᠠᠷᠢᠬᠤ ᠶᠢ | ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠠᠶᠢᠯᠪᠤᠷᠢᠯᠠᠭᠰᠠᠨ ᠪᠥᠭᠡᠳ ᠭᠤᠤᠯ ᠭᠤᠤᠯ ᠤᠨ ᠰᠠᠪᠠ ᠶᠢᠨ | ᠣᠷᠣᠨ᠂ ᠥᠨᠳᠥᠷ ᠪᠣᠭᠤᠨᠢ ᠲᠠᠩ ᠤᠨ ᠭᠠᠵᠠᠷ ᠲᠤ ᠳᠠᠷᠢᠬᠤ ᠶᠢ ᠴᠠᠭᠠᠵᠠᠯᠠᠬᠤ ᠬᠡᠪᠴᠢᠶ᠎ᠡ ᠶᠢ ᠤᠯᠠᠮ ᠨᠢᠭᠡ ᠠᠯᠬᠤᠮ | ᠲᠣᠳᠣᠷᠬᠠᠶᠢᠯᠠᠪᠠ᠃ ᠲᠣᠭᠤᠷᠢᠨ ᠪᠠᠶᠢᠴᠠᠭᠠᠬᠤ ᠪᠠᠷ ᠳᠡᠮᠵᠢᠨ ᠲᠣᠭᠲᠠᠭᠠᠯ ᠠᠴᠠ ᠵᠥᠷᠢᠴᠡᠨ 3 ᠬᠡᠰᠡᠭ ᠳᠠᠷᠢᠭᠰᠠᠨ ᠢ | ᠣᠯᠵᠤ ᠮᠡᠳᠡᠵᠡᠶ᠂ ᠡᠨᠡ ᠨᠢ ᠴᠥᠮ ᠦᠷ᠎ᠡ ᠰᠠᠴᠤᠬᠤ ᠮᠠᠰᠢᠨ ᠤ ᠲᠡᠩᠭᠡᠯᠢᠭ ᠤᠨ ᠵᠠᠶ ᠶᠢᠨ ᠰᠢᠯᠲᠠᠭᠠᠨ ᠠᠴᠠ ᠪᠣᠯᠵᠣ | ᠳᠠᠷᠢᠬᠤ ᠶᠢ ᠴᠠᠭᠠᠵᠠᠯᠠᠭᠰᠠᠨ ᠱᠤᠭᠤᠮ ᠠᠴᠠ ᠬᠡᠲᠦᠷᠡᠵᠡᠶ᠃ ᠳᠡᠭᠡᠷᠡᠬᠢ ᠲᠣᠭᠲᠠᠭᠠᠯ ᠢ ᠵᠥᠷᠢᠴᠡᠨ ᠳᠠᠷᠢᠭᠰᠠᠨ | ᠠᠰᠠᠭᠤᠳᠠᠯ ᠳᠤ ᠴᠢᠭᠯᠡᠭᠦᠯᠦᠨ᠂ ᠮᠠᠨ ᠤ ᠪᠠᠯᠭᠠᠰᠤ ᠨᠢᠭᠡᠨᠲᠡ ᠲᠤᠬᠠᠶ ᠶᠢᠨ ᠬᠥᠮᠦᠨ ᠢ ᠳᠠᠷᠤᠢ ᠳᠤᠨᠢ ᠴᠡᠭᠴᠡᠯᠡᠨ | ᠥᠭᠡᠷᠡᠴᠢᠯᠡᠬᠦ ᠪᠤᠶᠤ ᠪᠤᠰᠤᠳ ᠲᠠᠷᠢᠮᠠᠯ ᠢ ᠰᠣᠯᠢᠬᠤ ᠬᠡᠷᠡᠭᠲᠡᠶ ᠭᠡᠵᠦ ᠱᠠᠭᠠᠷᠳᠠᠪᠠ᠃ | ᠲᠠᠷᠠᠭᠠᠴᠢ ᠪᠠᠷ᠂ ᠮᠠᠨ ᠤ ᠪᠠᠯᠭᠠᠰᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠦᠢᠯᠡᠴᠢᠯᠡᠭᠡ ᠶᠢ ᠳᠡᠯᠭᠡᠷᠡᠭᠦᠯᠬᠦ ᠲᠥᠪ ᠬᠠᠤᠯᠢ | ᠬᠡᠷᠡᠭᠵᠢᠭᠦᠯᠬᠦ ᠠᠩᠭᠢ ᠲᠠᠢ ᠬᠠᠮᠲᠤᠷᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠬᠠᠶ ᠶᠢᠨ | ᠭᠠᠵᠠᠷ ᠲᠤᠨᠢ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠷᠢᠬᠤ ᠶᠢ ᠴᠠᠭᠠᠵᠠᠯᠠᠬᠤ ᠱᠤᠭᠤᠮ ᠳᠠᠭᠠᠤ ᠲᠣᠭᠤᠷᠢᠨ | ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠲᠤᠨ ᠭᠤᠤᠯ ᠤᠨ ᠲᠠᠩ ᠤᠨ ᠭᠠᠵᠠᠷ ᠤᠨ | ᠲᠠᠷᠢᠮᠠᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠢᠯᠡᠷᠡᠭᠦᠯᠪᠡᠯ ᠴᠠᠭ ᠲᠤᠬᠠᠶ ᠳᠤᠨᠢ ᠬᠤᠷᠢᠭᠯᠠᠨ ᠵᠠᠯᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | | | | | | | | |