ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠪ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠦ ᠤᠬᠠᠮᠰᠠᠷ ᠢ | ᠳᠡᠭᠡᠭᠰᠢᠯᠡᠭᠦᠯᠦᠨ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠦ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠬᠤᠷᠢᠨᠭᠡᠷ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠬᠠᠶ ᠰᠡᠳᠦᠪᠲᠦ ᠡᠭᠦᠷᠭᠡ ᠲᠤᠰᠢᠶᠠᠯ ᠢᠶᠠᠨ ᠭᠦᠢᠴᠡᠳᠬᠦ ᠪᠣᠯᠪᠠᠰᠤᠷᠠᠯ ᠤᠨ | ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠲᠡ 50 ᠭᠠᠷᠤᠶ ᠠᠷᠠᠳ ᠤᠨ ᠲᠥᠯᠥᠭᠡᠯᠡᠭᠴᠢ | ᠪᠣᠯᠪᠠᠰᠤᠷᠠᠯ ᠳᠤ ᠣᠷᠣᠯᠴᠠᠪᠠ᠃ | | | | ᠪᠣᠯᠪᠠᠰᠤᠷᠠᠯ ᠤᠨ ᠬᠤᠷᠠᠯ ᠳᠡᠭᠡᠷ᠎ᠡ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠳᠡᠭᠡᠳᠦ ᠵᠡᠷᠭᠡ ᠶᠢᠨ ᠯᠧᠺᠲ᠋ᠣᠷ᠂ ᠳᠡᠳ᠋ ᠫᠷᠤᠹᠧᠰᠰᠤᠷ ᠸᠠᠩ ᠵᠢᠶᠠᠨ ᠭᠦᠸᠧ ᠪᠠᠭᠰᠢ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠢᠴᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠴᠢᠨᠠᠷ ᠰᠠᠶᠢᠲᠠᠢ ᠵᠥᠪᠯᠡᠯᠭᠡ ᠰᠠᠨᠠᠭᠤᠯᠭ᠎ᠠ ᠶᠢ ᠬᠡᠷᠬᠢᠨ ᠳᠤᠷᠠᠳᠬᠤ ᠵᠡᠷᠭᠡ | ᠠᠭᠤᠯᠭ᠎ᠠ ᠶᠢᠨ ᠲᠤᠬᠠᠢ ᠲᠥᠪᠯᠡᠷᠡᠩᠭᠦᠢ ᠰᠤᠷᠤᠯᠴᠠᠯᠭ᠎ᠠ ᠶᠢ ᠵᠤᠬᠢᠶᠠᠨ ᠪᠠᠶᠢᠭᠤᠯᠵᠤ ᠨᠠᠷᠢᠨ ᠬᠢᠨᠠᠮᠠᠭᠠᠢ ᠲᠠᠶᠢᠯᠤᠮᠵᠢ | ᠬᠢᠵᠦ᠂ ᠭᠦᠨᠵᠡᠭᠡᠢ ᠪᠥᠭᠡᠳ ᠣᠶᠢᠯᠠᠭᠠᠮᠵᠢᠲᠠᠢ᠂ 8 ᠲᠤᠭ᠎ᠠ ᠶᠢ ᠤᠷᠠᠨ ᠳᠡᠮᠲᠡᠢ ᠪᠠᠷ ᠬᠡᠷᠡᠭᠯᠡᠨ ᠠᠭᠤᠯᠭ᠎ᠠ ᠶᠢ | ᠬᠤᠯᠪᠣᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠣᠳᠣᠷᠬᠠᠢ ᠵᠢᠯᠣᠭᠤᠳᠤᠮᠵᠢ ᠬᠠᠩᠭᠠᠪᠠ᠃ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠲᠣᠰ ᠤᠳᠠᠭᠠᠨ ᠤ ᠰᠤᠷᠤᠯᠴᠠᠯᠭ᠎ᠠ | ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ | ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠥᠬᠦ ᠲᠠᠯ᠎ᠠ ᠪᠠᠷ | ᠳᠥᠯᠭᠢᠨ ᠠᠬᠢᠭᠤᠯᠤᠨ᠎ᠠ᠃ ᠨᠢᠭᠡ ᠳᠤ ᠲᠥᠯᠥᠭᠡᠯᠡᠭᠴᠢᠳ ᠤᠨ ᠭᠡᠷ ᠪᠦᠯᠢ ᠶᠢᠨ ᠬᠥᠭᠦᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠲᠥᠯᠥᠭᠡᠯᠡᠭᠴᠢᠳ ᠤᠨ ᠪᠠᠶᠢᠴᠠᠭᠠᠨ | ᠦᠵᠡᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ ᠠᠷᠠᠳ ᠤᠨ ᠬᠦᠰᠡᠯ ᠢ ᠰᠣᠨᠣᠰᠴᠤ ᠠᠷᠠᠳ ᠤᠨ ᠬᠦᠴᠢᠷᠳᠡᠯ ᠢ | ᠰᠢᠢᠳᠪᠦᠷᠢᠯᠡᠵᠦ᠂ ᠬᠢᠨᠠᠯᠲᠠ ᠲᠠᠯᠪᠢᠵᠤ ᠬᠠᠷᠢᠯᠴᠠᠬᠤ ᠠᠵᠢᠯ ᠢ ᠨᠡᠩ ᠤᠯᠠᠨ ᠲᠦᠮᠡᠨ ᠲᠠᠢ ᠤᠢᠢᠷᠠᠳᠤᠭᠤᠯᠵᠤ᠂ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ᠂ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂《 ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠲᠠᠢ | ᠰᠡᠳᠬᠢᠯ ᠵᠢᠷᠦᠬᠡ ᠪᠠᠨ ᠬᠤᠯᠪᠣᠬᠤ 》 ᠳᠤ ᠰᠠᠭᠤᠷᠢᠯᠠᠨ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠠᠵᠢᠯ | ᠪᠣᠯᠤᠨ ᠣᠯᠠᠨ ᠲᠦᠮᠡᠨ ᠤ ᠪᠠᠴᠢᠮ ᠬᠦᠴᠢᠷ ᠵᠣᠪᠠᠯ ᠬᠦᠰᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠣᠨᠣᠪᠴᠢᠲᠠᠶ ᠪᠠᠷ ᠰᠡᠳᠦᠪ ᠰᠣᠩᠭᠤᠵᠤ᠂ ᠠᠷᠠᠳ ᠤᠨ ᠣᠶᠤᠨ ᠢ ᠲᠥᠪᠯᠡᠷᠡᠭᠦᠯᠦᠨ ᠴᠢᠨᠠᠷ ᠰᠠᠶᠢᠲᠠᠶ ᠰᠠᠨᠠᠯ ᠵᠥᠪᠯᠡᠯᠭᠡ | ᠳᠤᠷᠠᠳᠴᠤ᠂ ᠮᠥᠷᠳᠡᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠷᠠᠳ ᠤᠨ ᠰᠠᠨᠠᠭ᠎ᠠ ᠶᠢ ᠦᠨᠡᠨ ᠬᠦ | ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠬᠤ ᠬᠡᠷᠡᠭᠲᠡᠶ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠪᠤᠯᠪᠠᠰᠤᠷᠠᠯ ᠤᠨ ᠠᠭᠤᠯᠭ᠎ᠠ ᠨᠢ ᠪᠠᠶᠠᠯᠢᠭ ᠪᠥᠭᠡᠳ ᠪᠣᠳᠠᠲᠠᠶ ᠪᠠᠶᠢᠵᠤ᠂ ᠠᠵᠢᠯ ᠤᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ᠂ ᠮᠠᠰᠢ ᠴᠢᠩᠭ᠎ᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ ᠲᠠᠢ | ᠪᠠᠶᠢᠳᠠᠭ᠃ ᠬᠤᠶᠢᠰᠢᠳᠠ ᠶᠢᠨ ᠠᠵᠢᠯ ᠤᠨ ᠳᠤᠮᠳᠠ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ | ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ | ᠬᠤᠷᠢᠨᠭᠡᠷ ᠪᠠᠯᠭᠠᠰᠤ ᠶᠢᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠤ᠂ ᠠᠷᠠᠳ ᠣᠯᠠᠨ ᠯᠤᠭ᠎ᠠ ᠶᠢᠨ ᠬᠠᠷᠢᠯᠴᠠᠭ᠎ᠠ ᠪᠠᠨ ᠲᠠᠰᠤᠷᠠᠯᠲᠠ ᠥᠬᠡᠶ | ᠨᠢᠭᠲᠠᠷᠠᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠪᠡᠷ ᠦᠪᠡᠷ ᠤᠨ | ᠠᠵᠢᠯ ᠤᠨ ᠪᠠᠶᠢᠷᠢ ᠳᠡᠭᠡᠷ᠎ᠡ ᠪᠠᠨ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠬᠤᠷᠢᠨᠭᠡᠷ | ᠪᠠᠯᠭᠠᠰᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠃ | | | | | | | | |