ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠶᠠᠩ ᠵᠢᠶᠦ᠋ᠨ | ᠲᠣᠪᠴᠢᠶ᠎ᠠ ᠶᠢᠨ ᠳᠠᠷᠤᠭ᠎ᠠ ᠳᠤᠭᠤᠶᠢᠯᠠᠩ ᠳᠠᠭᠠᠭᠤᠯᠤᠨ ᠮᠠᠨ ᠤ ᠲᠤᠭᠤᠷᠢᠭ ᠤᠨ ᠥᠪᠥᠷ ᠮᠣᠩᠭᠤᠯ ᠤᠨ ᠹᠧᠩ ᠱᠧᠩ | ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠢᠩ ᠶᠠᠩ ᠯᠦᠩ ᠶᠤᠸᠠᠨ ᠴᠠᠬᠢᠯᠭᠠᠨ | ᠬᠦᠴᠦᠨ ᠡᠯᠧᠺᠲᠷᠣᠨ ᠤ ᠬᠢᠵᠠᠭᠠᠷᠲᠤ ᠺᠣᠮᠫᠠᠨᠢ᠂ ᠪᠤᠭᠤᠲᠤ ᠶᠢᠨ ᠰᠠᠨ ᠱᠠᠨ ᠬᠤᠪᠣᠷ ᠰᠢᠷᠣᠶ ᠶᠢᠨ ᠬᠢᠵᠠᠭᠠᠷᠲᠤ | ᠺᠣᠮᠫᠠᠨᠢ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠨ ᠰᠣᠯᠢᠯᠴᠠᠬᠤ᠂ | ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠮᠡᠷᠭᠡᠵᠢᠯ ᠤᠨ ᠰᠤᠳᠤᠯᠭᠠᠨ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠭᠦᠨᠵᠡᠭᠡᠶ ᠣᠶᠢᠯᠠᠭᠠᠪᠠ᠃ | | | | ᠰᠠᠨ ᠱᠠᠨ ᠬᠤᠪᠣᠷ ᠰᠢᠷᠣᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠥᠨᠳᠥᠷ ᠴᠡᠪᠡᠷ ᠱᠠᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠪᠠ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠪᠠ᠃ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠵᠠᠩᠭᠢᠯᠠᠭ᠎ᠠ ᠶᠢᠨ ᠭᠤᠭᠴᠤᠭ᠎ᠠ ᠳᠤ ᠦᠷᠭᠦᠯᠵᠢᠯᠡᠨ | ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠰᠢᠷᠣᠶ ᠶᠢᠨ ᠮᠠᠲ᠋ᠧᠷᠢᠶᠠᠯ ᠢ ᠨᠡᠮᠡᠯᠲᠡ ᠥᠷᠲᠡᠭ ᠪᠥᠬᠦᠶ ᠴᠢᠭᠯᠡᠯ ᠳᠠᠰᠢ | ᠤᠷᠲᠤᠳᠬᠠᠬᠤ ᠶᠢ ᠳᠥᠯᠭᠢᠨ ᠠᠬᠢᠭᠤᠯᠵᠤ᠂ ᠳᠡᠭᠡᠳᠦ ᠰᠤᠷᠭᠠᠭᠤᠯᠢ ᠲᠠᠢ ᠬᠠᠮᠲᠤᠷᠠᠨ《 ᠬᠦᠵᠦᠭᠦᠦ | ᠪᠤᠭᠤᠮᠢᠯᠠᠬᠤ》ᠮᠡᠷᠭᠡᠵᠢᠯ ᠢ ᠰᠢᠪᠲᠤᠯᠤᠨ᠎ᠠ᠃ ᠮᠢᠩ ᠶᠠᠩ ᠯᠦᠩ ᠶᠤᠸᠠᠨ ᠴᠠᠬᠢᠯᠭᠠᠨ ᠬᠦᠴᠦᠨ ᠡᠯᠧᠺᠲᠷᠣᠨ ᠤ | ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ GW ᠲᠠᠰ ᠤᠨ ᠡᠨᠧᠷᠭᠢ ᠬᠠᠳᠠᠭᠠᠯᠠᠬᠤ ᠰᠢᠰᠲ᠋ᠧᠮ ᠤᠨ | ᠦᠢᠯᠡᠳᠪᠦᠷᠢᠯᠡᠯ ᠤᠨ ᠱᠤᠭᠤᠮ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠬᠦᠨ ᠤ ᠴᠢᠳᠠᠪᠬᠢ ᠵᠢᠴᠢ | ᠵᠠᠬ᠎ᠠ ᠳᠡᠯᠭᠡᠭᠦᠷ ᠤᠨ ᠬᠡᠷᠡᠭᠯᠡᠭᠡᠨ ᠤ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠨᠧᠷᠭᠢ | ᠬᠠᠳᠠᠭᠠᠯᠠᠬᠤ ᠲᠥᠬᠦᠭᠡᠷᠦᠮᠵᠢ ᠶᠢᠨ ᠭᠤᠤᠯ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ | ᠹᠧᠩ ᠱᠧᠩ ᠲᠠᠢ ᠺᠣᠮᠫᠠᠨᠢ ᠳᠤ᠂ ᠠᠵᠤ ᠠᠬᠤᠶᠢᠯᠠᠯ ᠨᠢ ᠤᠷᠤᠨ ᠵᠠᠢ ᠹᠠᠩ ᠯᠦᠨ ᠰᠢᠷᠬᠡᠭᠯᠢᠭ ᠮᠠᠲ᠋ᠧᠷᠢᠶᠠᠯ ᠤᠨ | ᠦᠢᠯᠡᠳᠪᠦᠷᠢᠯᠡᠯ ᠤᠨ ᠱᠤᠭᠤᠮ ᠢᠶᠠᠨ ᠳᠡᠯᠭᠡᠨ ᠦᠵᠡᠭᠦᠯᠦᠭᠰᠡᠨ ᠪᠥᠭᠡᠳ ᠪᠤᠭᠤᠲᠤ ᠶᠢᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ | ᠲᠦᠷᠭᠡᠳᠬᠡᠵᠦ᠂ ᠳᠡᠭᠡᠳᠦ ᠴᠢᠳᠠᠪᠬᠢᠲᠤ ᠰᠢᠷᠬᠡᠭᠯᠢᠭ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ | ᠴᠣᠭᠴᠠᠯᠠᠨ᠎ᠠ ᠭᠡᠵᠦ ᠢᠯᠡᠳᠬᠡᠪᠡ᠃ | ᠲᠠᠷᠠᠭᠠᠴᠢ ᠪᠠᠷ᠂ ᠮᠠᠨ ᠤ ᠲᠣᠪᠴᠢᠶ᠎ᠠ《 ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ | ᠬᠠᠭᠤᠳᠠᠰᠤ 》 ᠶᠢ ᠵᠤᠯᠭᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠳᠡᠮᠵᠢᠯᠭᠡ ᠶᠢ ᠬᠠᠨᠳᠤᠯᠭᠠᠲᠤ | ᠴᠢᠨᠠᠷᠲᠠᠶ ᠪᠠᠷ ᠬᠠᠩᠭᠠᠬᠤ ᠶᠢᠨ ᠬᠠᠮᠲᠤ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠤᠤᠷᠠᠳᠤ ᠤᠷᠤᠰᠬᠠᠯ ᠤᠨ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠡᠨᠧᠷᠭᠢ | ᠨᠥᠭᠡᠴᠡᠯᠡᠬᠦ᠂ ᠬᠤᠪᠣᠷ ᠰᠢᠷᠣᠶ ᠵᠡᠷᠭᠡ ᠬᠦᠷᠢᠶ᠎ᠡ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠨᠠᠩ ᠣᠯᠠᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠪᠤᠶᠢᠵᠢᠭᠤᠯᠤᠨ᠎ᠠ᠃ ᠢᠷᠡᠭᠡᠳᠦᠢ ᠳᠤ᠂ ᠮᠠᠨ ᠤ ᠲᠤᠭᠤᠷᠢᠭ ᠰᠢᠨ᠎ᠡ ᠶᠢ ᠡᠭᠦᠳᠬᠦ ᠠᠮᠢ ᠠᠬᠤᠢ ᠶᠢ ᠦᠷᠭᠦᠯᠵᠢᠯᠡᠨ | ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ《 ᠬᠠᠲᠠᠭᠤ ᠪᠣᠳᠠᠲᠤ | ᠬᠦᠴᠦᠨ 》 ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠎ᠡ᠃ | | | | | | |