ᠵᠢᠦ ᠶᠤᠸᠠᠨ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠵᠤ ᠠᠬᠤᠢᠯᠠᠯ ᠳᠤ ᠭᠦᠨᠵᠡᠭᠡᠶᠢᠷᠡᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠬᠠᠪᠰᠤᠷᠤᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/5/23
    ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠲᠠᠢ ᠬᠠᠮᠲᠤᠷᠠᠨ ᠬᠠᠷᠢᠶ᠎ᠠ ᠣᠷᠣᠨ ᠤ ᠠᠵᠤ ᠠᠬᠤᠶᠢᠯᠠᠯ ᠳᠤ ᠭᠦᠨᠵᠡᠭᠡᠶᠢᠷᠡᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠶᠢᠨ ᠬᠠᠪᠰᠤᠷᠤᠨ ᠵᠢᠯᠣᠭᠤᠳᠬᠤ ᠦᠢᠯᠡᠴᠢᠯᠡᠭᠡ ᠥᠷᠨᠢᠭᠦᠯᠪᠡ᠃    ᠠᠵᠢᠯᠯᠠᠬᠤ ᠳᠤᠭᠤᠶᠢᠯᠠᠩ ᠨᠢ ᠤᠷᠢᠳ ᠬᠤᠵᠢᠳ ᠫᠦ ᠯᠢ ᠲᠧ ᠰᠢᠨ᠎ᠡ ᠮᠠᠲ᠋ᠧᠷᠢᠶᠠᠯ᠂ ᠫᠦ ᠯᠡ ᠲᠧ ᠴᠠᠬᠢᠯᠭᠠᠨ ᠤ ᠦᠢᠯᠡᠳᠪᠦᠷᠢ᠂ ᠷᠦᠢ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠠᠵᠤ ᠠᠬᠤᠶᠢᠯᠠᠯ ᠤᠨ ᠪᠣᠳᠠᠲᠠᠶ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠭᠡᠷ᠎ᠡ ᠶᠢᠨ ᠦᠯᠡᠳᠡᠭᠡᠯ ᠢ ᠠᠭᠤᠳᠠᠯᠤᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠪᠣᠯᠪᠠᠴᠤ ᠳᠠᠩᠰᠠᠯᠠᠭᠤᠯᠤᠭᠰᠠᠨ ᠥᠬᠡᠶ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠶᠢᠨ ᠬᠠᠮᠲᠤ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠮᠡᠷᠭᠡᠵᠢᠯ ᠤᠨ ᠭᠡᠷ᠎ᠡ ᠶᠢᠨ ᠲᠥᠷᠥᠯ ᠬᠤᠪᠢᠶᠠᠬᠤ᠂ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠭᠤᠤᠯ ᠠᠰᠠᠭᠤᠳᠠᠯ ᠤᠨ ᠲᠣᠭᠤᠷᠢᠨ ᠳᠤ᠂ ᠲᠤᠬᠠᠶ ᠶᠢᠨ ᠲᠠᠯᠠᠪᠠᠶ ᠳᠤ《 ᠰᠤᠳᠠᠯ ᠪᠠᠷᠢᠵᠤ ᠣᠨᠣᠰᠢᠯᠠᠨ 》᠂ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠢ ᠵᠢᠯᠣᠭᠤᠳᠤᠨ ᠭᠡᠷ᠎ᠡ ᠶᠢᠨ ᠵᠦᠢᠯ ᠵᠤᠷᠪᠤᠰ ᠢ ᠲᠡᠭᠦᠯᠳᠡᠷᠵᠢᠭᠦᠯᠵᠦ᠂ ᠮᠠᠭᠠᠳᠯᠠᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠮᠡᠷᠭᠡᠵᠢᠯ ᠤᠨ ᠭᠡᠷ᠎ᠡ ᠶᠢ ᠳᠠᠩᠰᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠢᠯ ᠢ ᠥᠷᠨᠢᠭᠦᠯᠬᠦ ᠳᠤ ᠬᠦᠴᠦ ᠨᠡᠮᠡᠷᠢᠯᠡᠪᠡ᠃    ᠲᠠᠷᠠᠭᠠᠴᠢ ᠪᠠᠷ᠂ ᠵᠢᠤ ᠶᠤᠸᠠᠨ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠴᠡᠭ ᠲᠤ ᠳᠣᠭᠢᠷᠠᠭᠤᠯᠤᠨ ᠦᠢᠯᠡᠴᠢᠯᠡᠬᠦ ᠪᠠᠨ ᠴᠢᠩᠭᠠᠳᠬᠠᠵᠤ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠬᠠᠪᠰᠤᠷᠴᠤ ᠬᠠᠷᠠᠭᠠᠯᠵᠠᠯᠲᠤ ᠲᠥᠷᠥ ᠶᠢᠨ ᠪᠣᠳᠣᠯᠭ᠎ᠠ ᠬᠦᠷᠲᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ  ᠬᠦᠴᠦ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号