ᠠᠮᠢ ᠨᠠᠰᠤᠨ ᠤ ᠡᠬᠢ᠂ ᠪᠠᠶᠢᠭᠠᠯᠢ ᠶᠢᠨ ᠰᠦ
ᠨᠡᠶᠢᠲᠡᠯᠡᠭᠰᠡᠨ ᠴᠠᠭ᠄
2025/5/26
    5 ᠰᠠᠷ᠎ᠠ ᠶᠢᠨ 20  ᠤ ᠡᠳᠦᠷ ᠪᠣᠯ 35 ᠳ᠋ᠤᠭᠠᠷ《 ᠪᠥᠬᠦ ᠤᠯᠤᠰ ᠤᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠤᠬᠠᠭᠤᠯᠭ᠎ᠠ ᠶᠢᠨ ᠡᠳᠦᠷ 》ᠪᠣᠯᠤᠨ᠎ᠠ᠂ ᠵᠢᠤ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠬᠠᠮᠲᠤᠷᠠᠨ 9 ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ《 ᠠᠮᠢ ᠨᠠᠰᠤᠨ ᠤ ᠡᠬᠢ᠂ ᠪᠠᠶᠢᠭᠠᠯᠢ ᠶᠢᠨ ᠰᠦ 》 ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠬᠡ ᠶᠢᠨ ᠰᠦ ᠨᠢ ᠨᠢᠯᠬ᠎ᠠ ᠬᠡᠦᠬᠡᠳ ᠤᠨ ᠬᠠᠮᠤᠭ ᠤᠨ ᠪᠠᠶᠢᠭᠠᠯᠢ ᠶᠢᠨ ᠰᠢᠮ᠎ᠡ ᠲᠡᠵᠢᠭᠡᠯ ᠤᠨ ᠢᠷᠡᠯᠲᠡ ᠪᠣᠯᠬᠤ ᠶᠢᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠤ ᠪᠥᠬᠦ ᠨᠡᠶᠢᠭᠡᠮ ᠢᠶᠠᠷ ᠢᠶᠠᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ《 ᠳᠤᠯᠠᠭᠠᠨ ᠬᠡᠯᠬᠢᠶᠡᠲᠦ ᠠᠵᠢᠯᠯᠠᠭ᠎ᠠ 》 ᠶᠢ ᠬᠠᠮᠲᠤ ᠪᠠᠷ ᠪᠠᠶᠢᠭᠤᠯᠬᠤ ᠶᠢ ᠤᠷᠢᠶᠠᠯᠠᠵᠠᠶ᠃
11.jpg
    ᠵᠢᠤ ᠶᠤᠸᠠᠨ ᠲᠤᠭᠤᠷᠢᠭ ᠤᠨ ᠥᠷᠭᠡᠨ ᠣᠯᠠᠨ ᠬᠥᠩᠭᠡᠵᠢᠬᠦ ᠨᠠᠰᠤᠨ ᠤ ᠡᠮᠡᠭᠲᠡᠶᠢᠴᠦᠳ ᠵᠢᠴᠢ ᠬᠡᠷ ᠪᠦᠯᠢ ᠶᠢᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠬᠡ ᠶᠢᠨ ᠰᠦ ᠪᠣᠯ ᠨᠢᠯᠬ᠎ᠠ ᠬᠡᠦᠬᠡᠳ ᠤᠨ ᠬᠠᠮᠤᠭ ᠤᠨ ᠰᠢᠮ᠎ᠡ ᠲᠡᠵᠢᠭᠡᠯ ᠲᠠᠢ᠂ ᠬᠠᠮᠤᠭ ᠤᠨ ᠠᠮᠤᠷ ᠲᠦᠪᠰᠢᠨ ᠪᠠᠶᠢᠭᠠᠯᠢ ᠪᠣᠳᠠᠰ ᠪᠣᠯᠬᠤ ᠶᠢ ᠰᠠᠨᠠᠭᠠᠴᠢᠯᠠᠵᠤ᠂ ᠲᠤᠰᠬᠠᠶ ᠡᠮᠴᠢ ᠰᠤᠪᠢᠯᠠᠭᠴᠢ ᠠᠴᠠ ᠵᠢᠷᠮᠦᠰᠦᠨ ᠪᠠ ᠬᠥᠩᠭᠡᠵᠢᠭᠰᠡᠨ ᠡᠮᠡᠭᠲᠡᠶᠢᠴᠦᠳ ᠵᠢᠴᠢ ᠬᠡᠷ ᠪᠦᠯᠢ ᠶᠢᠨ ᠬᠢᠨ ᠳᠤ ᠨᠢᠭᠡ ᠨᠢᠭᠡᠨ ᠳᠤᠨᠢ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠠᠪᠤᠴᠠ ᠳᠠᠬᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠦᠭᠬᠦ ᠶᠢᠨ ᠬᠠᠮᠲᠤ ᠲᠤᠬᠠᠶ ᠶᠢᠨ ᠭᠠᠵᠠᠷ ᠲᠤᠨᠢ ᠪᠣᠳᠠᠲᠠᠶ ᠵᠢᠯᠣᠭᠤᠳᠣᠯᠭ᠎ᠠ ᠬᠢᠵᠦ᠂ ᠵᠥᠪ ᠣᠨᠣᠪᠴᠢᠲᠠᠶ ᠬᠥᠬᠦᠭᠦᠯᠦᠨ ᠲᠡᠵᠢᠭᠡᠬᠦ ᠤᠷ᠎ᠠ ᠮᠡᠷᠭᠡᠵᠢᠯ ᠢ ᠬᠠᠪᠰᠤᠷᠤᠨ ᠡᠵᠡᠮᠰᠢᠭᠦᠯᠬᠦ ᠶᠢᠨ ᠬᠠᠮᠲᠤ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠲᠤᠬᠠᠶ ᠵᠠᠷᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠭᠤᠯᠭ᠎ᠠ ᠨᠢ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠵᠡᠷᠭᠡ ᠶᠢ ᠬᠠᠮᠤᠷᠴᠠᠶ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 5 ᠤᠳᠠᠭᠠᠨ ᠤ ᠠᠯᠪᠠᠨ ᠵᠢᠷᠤᠮ ᠤᠨ ᠡᠮᠴᠢᠯᠡᠭᠡ᠂ 4 ᠤᠳᠠᠭᠠᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ᠂ 292 ᠬᠥᠮᠦᠨ ᠣᠷᠣᠯᠴᠠᠵᠤ᠂ 2600 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃    ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠲᠤᠬᠠᠢ ᠣᠯᠠᠨ ᠨᠡᠶᠢᠲᠡ ᠶᠢᠨ ᠲᠠᠨᠢᠨ ᠮᠡᠳᠡᠬᠦᠢ ᠶᠢ ᠳᠡᠭᠡᠭᠰᠢᠯᠡᠭᠦᠯᠵᠦ᠂ ᠡᠬᠡᠴᠤᠳ ᠤᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠢᠲᠡᠭᠡᠯ ᠪᠠ ᠴᠢᠳᠠᠪᠤᠷᠢ ᠶᠢ ᠨᠢ ᠠᠮᠵᠢᠯᠲᠠᠲᠠᠢ ᠳᠡᠭᠡᠭᠰᠢᠯᠡᠭᠦᠯᠵᠦ᠂ ᠮᠠᠰᠢ ᠣᠯᠠᠨ ᠡᠬᠡᠴᠦᠳ ᠣᠳᠣ ᠬᠡᠦᠬᠡᠳ ᠢᠶᠠᠨ ᠡᠬᠡ ᠶᠢᠨ ᠰᠦ ᠪᠠᠷ ᠬᠥᠬᠦᠭᠦᠯᠬᠦ ᠳᠤᠷᠠᠲᠠᠢ ᠪᠠᠶᠢᠬᠤ ᠪᠠᠨ ᠢᠯᠡᠳᠬᠡᠵᠦ᠂ ᠨᠡᠩ ᠣᠯᠠᠨ ᠰᠠᠭᠤᠭᠠᠯᠢ ᠠᠷᠠᠳ ᠲᠤ ᠡᠬᠡ ᠶᠢᠨ ᠰᠦ ᠪᠣᠯ ᠨᠢᠷᠠᠢ ᠬᠡᠦᠬᠡᠳ ᠤᠨ ᠲᠥᠷᠥᠯᠬᠢ ᠪᠦᠬᠦ ᠲᠠᠯ᠎ᠠ ᠶᠢᠨ ᠰᠢᠮ᠎ᠡ ᠲᠡᠵᠢᠭᠡᠯ ᠤᠨ ᠪᠣᠳᠠᠰ ᠪᠣᠯᠬᠤ ᠶᠢ ᠲᠠᠨᠢᠭᠤᠯᠵᠤ᠂ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢ ᠰᠣᠩᠭᠤᠵᠤ᠂ ᠪᠦᠬᠦ ᠨᠡᠶᠢᠭᠡᠮ ᠢᠶᠠᠷ ᠢᠶᠠᠨ ᠨᠢᠯᠬᠠᠰ ᠢᠶᠠᠨ ᠬᠠᠶᠢᠷᠠᠯᠠᠬᠤ᠂ ᠡᠬᠡ ᠪᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠳᠠᠷᠠᠭ᠎ᠠ ᠦᠶ᠎ᠡ ᠶᠢᠨ ᠡᠷᠡᠭᠦᠯ ᠢᠶᠠᠷ ᠦᠰᠦᠨ ᠪᠤᠶᠢᠵᠢᠬᠤ ᠳᠤ ᠡᠷᠡᠭᠦᠯ ᠴᠢᠭᠢᠷᠠᠭ ᠤᠨ ᠰᠠᠭᠤᠷᠢ ᠶᠢ ᠬᠠᠩᠭᠠᠵᠤ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号