ᠵᠢᠤ ᠶᠤᠸᠠᠨ ᠲᠣᠭᠤᠷᠢᠭ ᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯ ᠡᠷᠬᠢᠯᠡᠬᠦ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠢᠤ ᠶᠤᠸᠠᠨ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ( ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠬᠤ ᠥᠷᠲᠡᠭᠡ ) ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ᠠᠵᠢᠯᠲᠠᠳ ᠢ ᠵᠣᠬᠢᠶᠠᠨ ᠪᠠᠶᠢᠭᠤᠯᠤᠨ ᠨᠢᠭᠡ | ᠰᠠᠷ᠎ᠠ ᠶᠢᠨ ᠬᠤᠭᠤᠴᠠᠭ᠎ᠠ ᠶᠢᠨ ᠲᠤᠰᠬᠠᠶ ᠵᠦᠢᠯ ᠤᠨ ᠬᠢᠨᠠᠯᠲᠠ ᠪᠠᠶᠢᠴᠠᠭᠠᠯᠲᠠ ᠥᠷᠨᠢᠭᠦᠯᠪᠡ᠃ | | | | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠦᠷᠢᠨ | ᠪᠦᠷᠬᠦᠵᠦ᠂ ᠨᠡᠶᠢᠲᠡ 77 ( ᠨᠢᠭᠡ ᠴᠣᠭᠴᠠᠵᠢᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 39᠂ | ᠨᠢᠭᠡ ᠴᠣᠭᠴᠠᠵᠢᠭᠤᠯᠤᠭᠰᠠᠨ ᠪᠤᠰᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 38 ) ᠪᠠᠶᠢᠭᠤᠯᠤᠮᠵᠢ ᠶᠢᠨ | ᠳᠠᠩᠰᠠᠯᠠᠭᠤᠯᠤᠭᠰᠠᠨ ᠠᠵᠢᠯᠲᠠᠨ᠂ ᠠᠵᠢᠯ ᠡᠷᠭᠢᠯᠡᠬᠦ ᠭᠠᠵᠠᠷ᠂ ᠣᠨᠣᠰᠢᠯᠠᠨ ᠡᠮᠨᠡᠬᠦ ᠬᠡᠪᠴᠢᠶ᠎ᠡ᠂ ᠨᠠᠮᠵᠢᠭᠤᠨ | ᠰᠤᠳᠠᠯ ᠢᠶᠠᠷ ᠶᠡᠭᠦᠯᠡᠬᠦ ᠶᠢ ᠬᠢᠨᠠᠨ ᠵᠥᠪᠰᠢᠶᠡᠷᠡᠬᠦ᠂ ᠪᠠᠺᠲ᠋ᠧᠷᠢ ᠡᠰᠡᠷᠭᠦᠴᠡᠬᠦ ᠡᠮ ᠤᠨ ᠬᠡᠷᠡᠭᠯᠡᠯᠲᠡ ᠶᠢ ᠬᠢᠨᠠᠨ | ᠵᠥᠪᠰᠢᠶᠡᠷᠡᠬᠦ ᠵᠢᠴᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠠᠵᠢᠯ ᠳᠤ ᠪᠥᠬᠦ ᠲᠠᠯ᠎ᠠ ᠶᠢᠨ | ᠬᠢᠨᠠᠯᠲᠠ ᠪᠠᠶᠢᠴᠠᠭᠠᠯᠲᠠ ᠬᠢᠪᠠ᠃ ᠬᠢᠨᠠᠨ ᠵᠥᠪᠰᠢᠶᠡᠷᠡᠭᠦᠯᠦᠭᠰᠡᠨ ᠦᠭᠡᠶ ᠪᠠᠷ ᠳᠤᠷ᠎ᠠ ᠪᠠᠷ ᠢᠶᠠᠨ ᠪᠠᠺᠲ᠋ᠧᠷᠢ | ᠡᠰᠡᠷᠭᠦᠴᠡᠬᠦ ᠡᠮ ᠶᠡᠭᠦᠯᠡᠨ ᠣᠷᠣᠭᠤᠯᠬᠤ ᠠᠵᠢᠯᠯᠠᠭ᠎ᠠ ᠥᠷᠨᠢᠭᠦᠯᠦᠭᠰᠡᠨ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠰᠡᠷᠡᠮᠵᠢ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠦᠭᠪᠡ᠃ ᠡᠭᠦᠨ ᠤ ᠬᠠᠮᠲᠤ ᠣᠷᠣᠰᠢᠵᠤ | ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠠᠮᠵᠢᠭᠤᠨ ᠰᠤᠳᠠᠯ ᠢᠶᠠᠷ ᠶᠡᠭᠦᠯᠡᠬᠦ ᠪᠠ ᠪᠠᠺᠲ᠋ᠧᠷᠢ ᠡᠰᠡᠷᠭᠦᠴᠡᠬᠦ ᠡᠮ ᠢ | ᠨᠠᠮᠵᠢᠭᠤᠨ ᠰᠤᠳᠠᠯ ᠢᠶᠠᠷ ᠶᠡᠭᠦᠯᠡᠬᠦ ᠬᠢᠨᠠᠨ ᠵᠥᠪᠰᠢᠶᠡᠷᠡᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠶᠢ ᠴᠢᠩᠭᠠᠳᠬᠠᠬᠤ ᠰᠠᠨᠠᠯ ᠰᠠᠨᠠᠭᠤᠯᠭ᠎ᠠ ᠶᠢ ᠳᠤᠷᠠᠳᠪᠠ᠃ | ᠲᠠᠷᠠᠭᠠᠴᠢ ᠪᠠᠷ ᠵᠢᠦ ᠶᠤᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ( | ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ ) ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠣᠯᠠᠨ ᠲᠦᠮᠡᠨ ᠤ ᠵᠠᠭᠠᠯᠳᠤᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠪᠥᠬᠦ ᠬᠦᠴᠦᠨ ᠢᠶᠠᠷ ᠢᠶᠠᠨ ᠳᠡᠮᠵᠢᠯᠭᠡ ᠦᠵᠡᠭᠦᠯᠵᠦ᠂ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠢ | ᠪᠠᠬᠢᠵᠢᠭᠦᠯᠦᠨ᠎ᠡ᠃ | | | | | | | | |