ᠰᠦᠯᠵᠢᠶ᠎ᠡ ᠪᠠᠨ ᠬᠠᠭᠠᠬᠤ ᠪᠣᠯᠲᠠᠯ᠎ᠠ᠂ 4 ᠰᠠᠷ᠎ᠠ ᠶᠢᠨ ᠲᠤᠰ ᠰᠠᠷ᠎ᠠ ᠳᠤ 3.27 ᠳ᠋ᠦᠩᠰᠢᠭᠤᠷ ᠲᠥᠭᠦᠷᠢᠭ ᠤᠨ | ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠲᠤᠭ᠎ᠠ ᠪᠠᠨ | ᠪᠡᠶᠡᠯᠡᠭᠦᠯᠵᠦ᠂ 1- 4 ᠰᠠᠷ᠎ᠠ ᠳᠤ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠨᠢ ᠨᠡᠶᠢᠲᠡ 12.31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1.21% ᠪᠠᠷ ᠨᠡᠮᠡᠭᠳᠡᠪᠡ᠃ 1- 4 ᠰᠠᠷ᠎ᠠ ᠳᠤ ᠬᠡᠮᠵᠢᠶ᠎ᠡ ᠶᠢ ᠬᠢᠵᠠᠭᠠᠷᠯᠠᠬᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠪᠦᠬᠦᠳᠡ ᠲᠤᠭ᠎ᠠ ᠨᠢ ᠨᠡᠶᠢᠲᠡ 29.7 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.1%ᠨᠡᠮᠡᠭᠳᠡᠪᠡ᠃ ᠶᠡᠷᠦᠩᠬᠡᠶ | ᠬᠡᠮᠵᠢᠶ᠎ᠡ ᠨᠢ ᠪᠦᠬᠦ ᠬᠤᠲᠠ ᠳᠤ ᠳᠥᠷᠪᠡᠳᠦᠭᠡᠷ ᠲᠤ ᠣᠷᠣᠪᠠ᠃ | ᠰᠢᠨ᠎ᠡ ᠬᠡᠮᠵᠢᠶ᠎ᠡ ᠶᠢ ᠤᠯᠠᠮ ᠨᠢᠭᠡ ᠠᠯᠬᠤᠮ ᠠᠭᠤᠳᠠᠯᠵᠤ᠂ ᠨᠡᠮᠡᠭᠳᠡᠯ ᠤᠨ ᠬᠡᠮᠵᠢᠶ᠎ᠡ ᠶᠢ ᠡᠷᠢᠬᠦ ᠶᠢᠨ ᠲᠥᠯᠥᠭᠡ᠂ | 5 ᠰᠠᠷ᠎ᠠ ᠶᠢᠨ 12 ᠤᠨ ᠡᠳᠦᠷ ᠠᠴᠠ 20 ᠤ ᠡᠳᠦᠷ ᠪᠣᠯᠲᠠᠯ᠎ᠠ᠂ ᠮᠠᠨ ᠤ ᠲᠣᠪᠴᠢᠶ᠎ᠠ ᠡᠨᠡ ᠵᠢᠯ ᠤᠨ ᠰᠢᠨ᠎ᠡ ᠪᠠᠷ | ᠳᠠᠩᠰᠠᠯᠠᠭᠤᠯᠤᠭᠰᠠᠨ ᠪᠥᠭᠡᠮ ᠢᠶᠠᠷ ᠵᠢᠵᠢᠭᠯᠡᠨ ᠪᠤᠷᠤᠯᠠᠭᠤᠯᠬᠤ ᠪᠠ ᠰᠠᠭᠤᠬᠤ ᠬᠤᠭᠤᠯᠠ ᠵᠢᠴᠢ ᠪᠤᠰᠤᠳ | ᠦᠢᠯᠡᠴᠢᠯᠡᠭᠡᠨ ᠤ ᠦᠢᠯᠡᠰ ᠤᠨ 20 ᠠᠵᠤ ᠠᠬᠤᠶᠢᠯᠠᠯ ᠢ ᠪᠠᠶᠢᠴᠠᠭᠠᠨ ᠵᠢᠭᠰᠠᠭᠠᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠪᠠᠶᠢᠳᠠᠯ ᠢ ᠡᠷᠦᠬᠡ ᠳᠠᠷᠠᠭᠠᠯᠠᠨ ᠣᠶᠢᠯᠠᠭᠠᠵᠤ᠂ ᠪᠠᠷᠢᠮᠵᠢᠶ᠎ᠠ ᠳᠤ ᠨᠡᠶᠢᠴᠡᠬᠦ ᠭᠡᠵᠦ ᠪᠠᠶᠢᠭ᠎ᠠ ᠠᠵᠤ | ᠠᠬᠤᠶᠢᠯᠠᠯ ᠢ ᠬᠡᠮᠵᠢᠶ᠎ᠡ ᠶᠢ ᠬᠢᠵᠠᠭᠠᠷᠯᠠᠬᠤ ᠨᠡᠷᠡᠰ ᠤᠨ ᠵᠢᠭᠰᠠᠭᠠᠯᠲᠠ ᠶᠢᠨ ᠬᠥᠮᠥᠷᠭᠡ ᠳᠤ ᠣᠷᠣᠭᠤᠯᠵᠤ᠂ ᠰᠠᠶᠢᠲᠤᠷ | ᠦᠢᠯᠡᠴᠢᠯᠡᠨ᠎ᠡ᠃ ᠡᠭᠦᠨ ᠤ ᠬᠠᠮᠲᠤ᠂ ᠨᠢᠭᠡᠨᠲᠡ ᠠᠩᠬᠠᠷᠴᠤ ᠪᠠᠶᠢᠭ᠎ᠠ ᠠᠵᠤ ᠠᠬᠤᠶᠢᠯᠠᠯ ᠢ ᠴᠢᠩᠭ᠎ᠠ ᠠᠩᠬᠠᠷᠴᠤ᠂ | ᠵᠢᠶᠠ ᠸᠧᠶ ᠮᠠᠰᠢᠨ ᠲᠡᠷᠭᠡ᠂ ᠰᠢᠤᠳᠠᠨ ᠤ ᠬᠠᠳᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ 5 ᠰᠠᠷ᠎ᠠ ᠳᠤ | ᠬᠥᠮᠥᠷᠭᠡ ᠳᠤ ᠣᠷᠣᠬᠤ ᠶᠢ ᠠᠬᠢᠭᠤᠯᠵᠤ᠂ ᠲᠧᠩ ᠱᠢ ᠮᠠᠰᠢᠨ ᠲᠡᠷᠭᠡ᠂ ᠶᠧ ᠵᠢᠶᠠ ᠼᠠᠢ ᠶᠢ 6 ᠰᠠᠷ᠎ᠠ ᠳᠤ | ᠬᠥᠮᠥᠷᠭᠡ ᠳᠤ ᠣᠷᠣᠭᠤᠯᠤᠨ ᠶᠡᠷᠦᠩᠬᠡᠶᠢᠯᠡᠨ ᠵᠠᠬᠢᠷᠬᠤ ᠶᠢ ᠪᠠᠲᠤᠯᠠᠵᠤ᠂ ᠪᠤᠤ ᠮᠢᠶᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠺᠣᠮᠫᠠᠨᠢ᠂ ᠯᠢᠩ ᠪᠸᠢ ᠴᠢᠯᠠᠭᠤᠨ ᠲᠣᠰᠣ ᠵᠡᠷᠭᠡ 5 ᠰᠢᠨ᠎ᠡ ᠪᠠᠷ ᠳᠠᠩᠰᠠᠯᠠᠭᠤᠯᠤᠭᠰᠠᠨ ᠠᠵᠤ | ᠠᠬᠤᠶᠢᠯᠠᠯ ᠢ ᠮᠥᠷᠳᠡᠨ ᠬᠢᠵᠠᠭᠠᠷᠠᠯ ᠳᠤ ᠬᠦᠷᠬᠦ ᠶᠢ ᠲᠦᠷᠭᠡᠳᠬᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠨᠢᠭᠡᠳᠬᠡᠪᠡᠰᠦ ᠵᠤᠬᠢᠬᠤ ᠪᠦᠬᠦᠨ ᠢ ᠨᠢᠭᠡᠳᠬᠡᠬᠦ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠤᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦ ᠨᠡᠮᠡᠷᠢᠯᠡᠨ᠎ᠡ᠃ | | | | | | | | |