ᠡᠳ᠋ ᠤᠨ ᠵᠠᠰᠠᠭ ᠠᠴᠠ ᠤᠨᠤᠪᠴᠢᠲᠠᠢ ᠪᠠᠷ ᠬᠦᠴᠦᠯᠡᠵᠦ᠂ ᠣᠯᠠᠨ ᠲᠠᠯ᠎ᠠ ᠠᠴᠠ ᠪᠠᠭᠰᠢ ᠶᠢᠨ ᠬᠠᠷᠠᠭᠠᠯᠵᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2025/5/26
    ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠪᠡ᠃ ᠣᠶᠢᠷ᠎ᠠ ᠳᠤ᠂ 1454 ᠲᠦᠮᠡᠨ ᠲᠥᠭᠦᠷᠢᠭ ᠤᠨ ᠲᠤᠰᠬᠠᠶ ᠪᠠᠭᠰᠢ ᠶᠢᠨ ᠨᠥᠬᠦᠪᠥᠷᠢ ᠪᠠᠯᠠ ᠮᠥᠩᠭᠦ ᠶᠢ ᠲᠥᠪᠯᠡᠷᠡᠭᠦᠯᠦᠨ ᠪᠠᠭᠤᠯᠭᠠᠵᠤ᠂ ᠠᠩᠭᠢ ᠶᠢᠨ ᠡᠷᠬᠢᠯᠡᠭᠴᠢ ᠶᠢᠨ ᠵᠠᠷᠤᠳᠠᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠬᠤᠪᠢᠶᠠᠭᠰᠠᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠵᠠᠷᠤᠳᠠᠯ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ᠂ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠶᠢᠨ ᠲᠤᠰᠬᠠᠶ ᠵᠠᠷᠤᠳᠠᠯ᠂ ᠰᠤᠷᠭᠠᠨ ᠬᠥᠮᠦᠵᠢᠯ ᠢ ᠳᠡᠮᠵᠢᠬᠦ ᠨᠥᠬᠦᠪᠥᠷᠢ ᠵᠡᠷᠭᠡ ᠣᠯᠠᠨ ᠬᠦᠷᠢᠶ᠎ᠡ ᠶᠢ ᠬᠠᠮᠤᠷᠴᠤ᠂ ᠵᠢᠩᠬᠢᠨᠢ ᠮᠥᠩᠭᠦ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠲᠠᠯᠪᠢᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃    ᠲᠤᠰᠬᠠᠶ ᠵᠦᠢᠯ ᠤᠨ ᠨᠥᠬᠦᠪᠥᠷᠢ ᠶᠢᠨ ᠪᠠᠯᠠ ᠮᠥᠩᠭᠦ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠠᠩᠭᠢᠯᠠᠭ᠎ᠠ ᠶᠢᠨ ᠲᠠᠯ᠎ᠠ ᠬᠢᠭᠡᠳ ᠪᠠᠭᠰᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠣᠨᠣᠪᠴᠢᠲᠠᠶ ᠪᠠᠷ ᠲᠥᠪᠯᠡᠷᠡᠭᠦᠯᠦᠨ᠎ᠡ᠃ ᠨᠢᠭᠡ ᠳᠤ ᠠᠩᠭᠢ ᠶᠢᠨ ᠡᠷᠬᠢᠯᠡᠭᠴᠢ ᠶᠢᠨ ᠲᠤᠰᠢᠶᠠᠯ ᠤᠨ ᠲᠠᠰ ᠤᠨ ᠥᠭᠡᠷᠡᠴᠢᠯᠡᠯᠲᠡ ᠳᠤ ᠠᠩᠭᠢ ᠶᠢᠨ ᠡᠷᠬᠢᠯᠡᠭᠴᠢ ᠶᠢᠨ ᠠᠩᠭᠢ ᠶᠢᠨ ᠬᠠᠮᠢᠶᠠᠷᠤᠯᠲᠠ ᠬᠢᠭᠡᠳ ᠰᠤᠷᠤᠭᠴᠢᠳ ᠤᠨ ᠦᠰᠦᠨ ᠪᠤᠶᠢᠵᠢᠯᠲᠠ ᠳᠤᠮᠳᠠᠬᠢ ᠭᠤᠤᠯᠯᠠᠬᠤ ᠦᠢᠯᠡᠳᠦᠯ ᠢ ᠭᠦᠢᠴᠡᠳ ᠨᠤᠲᠠᠯᠠᠵᠤ᠂ ᠳᠡᠭᠡᠳᠦ ᠱᠠᠲᠤᠨ ᠤ ᠪᠠᠯᠠ ᠮᠥᠩᠭᠦ 191 ᠲᠦᠮᠡᠨ ᠲᠥᠭᠦᠷᠢᠭ᠂ ᠲᠣᠭᠤᠷᠢᠭ ᠤᠨ ᠲᠠᠰ ᠤᠨ ᠪᠠᠯᠠ ᠮᠥᠩᠭᠦ 386 ᠲᠦᠮᠡᠨ ᠲᠥᠭᠦᠷᠢᠭ ᠪᠠᠭᠤᠯᠭᠠᠵᠤ᠂ ᠠᠩᠭᠢ ᠶᠢᠨ ᠡᠷᠬᠢᠯᠡᠭᠴᠢ ᠶᠢᠨ ᠡᠩᠨᠡᠭᠡ ᠶᠢ ᠲᠣᠭᠲᠠᠪᠤᠷᠢᠵᠢᠭᠤᠯᠤᠨ᠂ ᠠᠩᠭᠢ ᠶᠢᠨ ᠬᠠᠮᠢᠶᠠᠷᠤᠯᠲᠠ ᠶᠢᠨ ᠡᠩᠨᠡᠭᠡ ᠶᠢ ᠪᠠᠬᠢᠵᠢᠭᠦᠯᠦᠨ᠎ᠡ︔ ᠬᠤᠶᠠᠷ ᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠬᠤᠪᠢᠶᠠᠨ ᠵᠢᠭᠠᠨ ᠰᠤᠷᠭᠠᠬᠤ ᠳᠤ ᠲᠤᠰᠬᠠᠶ ᠵᠦᠢᠯ ᠤᠨ ᠨᠥᠬᠦᠪᠥᠷᠢ ᠲᠣᠬᠢᠷᠠᠭᠤᠯᠵᠤ᠂ ᠪᠠᠭᠰᠢ ᠨᠠᠷ ᠤᠨ ᠵᠢᠭᠠᠨ ᠰᠤᠷᠭᠠᠬᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠠᠳᠠᠯᠢ ᠪᠤᠰᠤ ᠲᠠᠰ ᠳᠠᠪᠬᠤᠷᠭ᠎ᠠ ᠶᠢᠨ ᠰᠤᠷᠤᠭᠴᠢᠳ ᠲᠤ ᠥᠪᠡᠷᠮᠢᠴᠡ ᠵᠢᠭᠠᠨ ᠰᠤᠷᠭᠠᠬᠤ ᠲᠥᠰᠦᠯ ᠲᠣᠭᠲᠠᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠳᠡᠭᠡᠳᠦ ᠱᠠᠲᠤᠨ ᠤ 152 ᠲᠦᠮᠡᠨ ᠲᠥᠭᠦᠷᠢᠭ᠂ ᠲᠣᠭᠤᠷᠢᠭ ᠤᠨ ᠳᠡᠰ ᠤᠨ ᠪᠠᠯᠠ ᠮᠥᠩᠭᠦ 253 ᠲᠦᠮᠡᠨ ᠲᠥᠭᠦᠷᠢᠭ ᠪᠠᠭᠤᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠡᠪᠰᠢᠬᠦ ᠥᠷᠢᠰᠥᠯᠳᠦᠭᠡᠨ ᠬᠢᠭᠡᠳ ᠬᠡᠪ ᠴᠢᠨᠠᠷ ᠤᠨ ᠬᠥᠮᠦᠵᠢᠯ ᠤᠨ ᠬᠤᠭᠤᠷᠣᠨᠳᠣ ᠲᠡᠩᠴᠡᠭᠦᠷᠢ ᠲᠠᠢ ᠪᠣᠯᠵᠣ᠂ ᠪᠦᠬᠦᠯᠢ ᠴᠣᠭᠴᠠ ᠶᠢᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠳᠤ ᠲᠤᠰᠠᠯᠠᠨ᠎ᠠ︔ ᠭᠤᠷᠪᠠ ᠳᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠦᠢᠳᠬᠡᠯ ᠤᠨ ᠨᠥᠬᠦᠪᠥᠷᠢ ᠶᠢ ᠪᠠᠭᠰᠢ ᠶᠢᠨ ᠪᠣᠳᠠᠲᠠᠶ ᠦᠢᠯᠡᠴᠢᠯᠡᠬᠦ ᠴᠠᠭ ᠤᠨ ᠣᠷᠳᠣ ᠶᠣᠰᠣᠭᠠᠷ ᠴᠢᠩᠭ᠎ᠠ ᠲᠣᠭᠠᠴᠠᠭ᠎ᠠ ᠬᠢᠵᠦ᠂ ᠤᠳᠤ ᠪᠣᠯᠲᠠᠯ᠎ᠠ᠂ ᠳᠡᠭᠡᠳᠦ ᠱᠠᠲᠤᠨ ᠤ ᠪᠠᠯᠠ ᠮᠥᠩᠭᠦ 283 ᠲᠦᠮᠡᠨ ᠲᠥᠭᠦᠷᠢᠭ᠂ ᠲᠣᠭᠤᠷᠢᠭ ᠤᠨ ᠱᠠᠲᠤᠨ ᠤ ᠪᠠᠯᠠ ᠮᠥᠩᠭᠦ 145 ᠲᠦᠮᠡᠨ ᠲᠥᠭᠦᠷᠢᠭ ᠪᠠᠭᠤᠯᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠠᠭᠰᠢ ᠨᠠᠷ ᠤᠨ ᠵᠦᠶ ᠵᠣᠬᠢᠰᠲᠠᠶ ᠬᠥᠳᠡᠯᠮᠦᠷᠢ ᠶᠢᠨ ᠬᠥᠯᠥᠰᠥ ᠣᠯᠭᠤᠮᠵᠢ ᠶᠢ ᠪᠠᠲᠤᠯᠠᠵᠤ᠂ ᠬᠡᠷ ᠤᠨ ᠠᠬᠠᠮᠠᠳ ᠤᠨ《 ᠬᠤᠶᠢᠰᠢᠳᠠ ᠶᠢᠨ ᠵᠣᠪᠠᠨᠢᠯ 》 ᠢ ᠦᠨᠡᠨ ᠬᠦ ᠰᠢᠢᠳᠪᠦᠷᠢᠯᠡᠵᠦ᠂ ᠰᠤᠷᠭᠠᠭᠤᠯᠢ᠂ ᠬᠡᠷ ᠪᠦᠯᠢ᠂ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠪᠠ︔ ᠳᠥᠷᠪᠡ ᠳᠤ ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢᠨ ᠲᠤᠰᠠᠳᠠ᠂ ᠰᠢᠯᠢᠳᠡᠭ ᠪᠠᠭᠰᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠷ ᠪᠠᠭᠤᠷᠠᠶ ᠭᠠᠵᠠᠷ ᠣᠷᠣᠨ ᠳᠤ ᠣᠴᠢᠵᠤ ᠰᠣᠯᠢᠯᠴᠠᠨ ᠪᠠᠭᠰᠢᠯᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠳᠤ ᠬᠦᠴᠦᠨ ᠴᠢᠳᠠᠯ ᠢᠶᠠᠨ ᠡᠷᠭᠦᠵᠦ᠂ ᠰᠤᠷᠭᠠᠨ ᠬᠥᠮᠦᠵᠢᠯ ᠢ ᠳᠡᠮᠵᠢᠬᠦ 31 ᠲᠦᠮᠡᠨ ᠲᠥᠭᠦᠷᠢᠭ ᠤᠨ ᠨᠥᠬᠦᠪᠥᠷᠢ ᠪᠠᠭᠤᠯᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠠᠯᠤᠰ ᠤᠨ ᠬᠠᠷᠠᠯᠲᠠ ᠶᠢ ᠪᠡᠶᠡᠯᠡᠭᠦᠯᠦᠨ᠎ᠡ︔ ᠲᠠᠪᠤ ᠳᠤ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠳᠤ ᠠᠰᠢᠭᠲᠠᠶ ᠳᠣᠬᠢᠶ᠎ᠠ ᠥᠭᠴᠦ᠂ ᠳᠡᠭᠡᠳᠦ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠲᠡᠳᠡᠨ ᠰᠤᠷᠭᠠᠨ ᠬᠥᠮᠦᠵᠢᠯ ᠤᠨ ᠦᠢᠯᠡᠰ ᠲᠤ ᠦᠨᠳᠦᠰᠦᠯᠡᠭᠦᠯᠵᠦ᠂ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠶᠢᠨ ᠲᠤᠰᠬᠠᠶ ᠨᠥᠬᠦᠪᠥᠷᠢ ᠶᠢᠨ ᠪᠠᠯᠠ ᠮᠥᠩᠭᠦ ᠶᠢ 12 ᠲᠦᠮᠡᠨ ᠲᠥᠭᠦᠷᠢᠭ ᠪᠠᠭᠤᠯᠭᠠᠵᠤ᠂ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠪᠠ᠃    ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠤᠨ ᠦᠢᠯᠡᠰ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠭᠰᠢ ᠨᠠᠷ ᠤᠨ ᠬᠠᠷᠠᠭᠠᠯᠵᠠᠯ ᠲᠠᠢ ᠬᠠᠮᠢᠶ᠎ᠠ ᠪᠥᠬᠦᠶ ᠵᠠᠷᠤᠳᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠲᠥᠰᠦᠪ ᠢ ᠨᠠᠶᠢᠷᠠᠭᠤᠯᠤᠨ ᠵᠣᠬᠢᠶᠠᠬᠤ ᠭᠤᠭᠴᠤᠭ᠎ᠠ ᠳᠤ᠂  ᠪᠠᠭᠰᠢ ᠨᠠᠷ ᠤᠨ ᠴᠠᠯᠢᠩ ᠬᠢᠭᠡᠳ ᠡᠯ᠎ᠡ ᠲᠥᠷᠥᠯ ᠤᠨ ᠨᠥᠬᠦᠪᠥᠷᠢ ᠶᠢᠨ ᠪᠡᠯᠡ ᠮᠥᠩᠭᠦ ᠶᠢ ᠡᠩ ᠲᠡᠷᠢᠭᠦᠨ ᠳᠤ ᠲᠣᠬᠢᠷᠠᠭᠤᠯᠵᠤ᠂ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠣᠳᠣᠬᠢᠴᠢᠯᠠᠭᠰᠠᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠪᠡᠯᠡ ᠮᠥᠩᠭᠦ ᠶᠢᠨ ᠭᠦᠢᠯᠭᠡᠭᠡᠨ ᠤ ᠬᠠᠨᠳᠤᠰᠢ ᠪᠣᠯᠤᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠨᠥᠬᠦᠪᠥᠷᠢ ᠪᠡᠯᠡ ᠮᠥᠩᠭᠦ ᠨᠢᠭᠡᠪᠦᠷᠢ ᠶᠢ ᠴᠥᠮ ᠲᠦᠢᠯ ᠤᠨ ᠣᠨᠣᠪᠴᠢᠲᠠᠶ᠂ ᠴᠠᠭ ᠲᠤᠬᠠᠶ ᠳᠤᠨᠢ ᠪᠠᠭᠰᠢ ᠨᠠᠷ ᠲᠤ ᠣᠯᠭᠤᠬᠤ ᠶᠢ ᠦᠨᠡᠨᠬᠦ ᠪᠠᠲᠤᠯᠠᠨ᠎ᠠ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠪᠠᠯᠠ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠪᠠᠭᠰᠢ ᠶᠢᠨ ᠣᠯᠭᠤᠮᠵᠢ ᠶᠢ ᠪᠠᠲᠤᠯᠠᠬᠤ ᠠᠵᠢᠯ ᠤᠨ ᠳᠤᠮᠳᠠᠬᠢ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠨᠢᠭᠲᠠ ᠠᠩᠬᠠᠷᠴᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠤᠳᠠᠭᠠᠨ ᠳᠠᠭᠠᠭᠠᠮᠠᠭᠠᠶ ᠬᠥᠳᠡᠯᠭᠡᠬᠦ ᠡᠨᠧᠷᠭᠢ ᠨᠡᠮᠡᠷᠢᠯᠡᠵᠦ᠂ ᠡᠳ᠋ ᠤᠨ ᠵᠠᠰᠠᠭ ᠤᠨ ᠪᠠᠲᠤ ᠴᠢᠩᠭ᠎ᠠ ᠥᠮᠥᠭ ᠲᠦᠰᠢᠭ ᠢ ᠴᠣᠭᠴᠠᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号