ᠬᠤᠯᠪᠣᠭᠠᠯᠠᠨ ᠪᠠᠶᠢᠭᠤᠯᠵᠤ ᠠᠭᠤᠰᠤᠯᠴᠠᠨ ᠡᠶ᠎ᠡ ᠵᠣᠬᠢᠴᠠᠯ ᠢ ᠠᠬᠢᠭᠤᠯᠵᠤ᠂ ᠵᠢᠷᠤᠮ ᠤᠨ ᠬᠠᠶᠢᠴᠢᠯᠠᠭ᠎ᠠ ᠶᠢᠨ ᠦᠢᠯᠡᠴᠢᠯᠡᠭᠡ ᠣᠭ ᠰᠠᠨᠠᠭ᠎ᠠ ᠪᠠᠨ ᠦᠢᠯᠡᠳᠦᠯᠭᠡᠵᠢᠭᠦᠯᠦᠶ᠎ᠡ
ᠨᠡᠶᠢᠲᠡᠯᠡᠭᠰᠡᠨ ᠴᠠᠭ᠄
2025/5/27
    ᠭᠡᠷ ᠬᠤᠷᠢᠶᠠᠯᠠᠯ ᠤᠨ ᠠᠷᠠᠳ ᠤᠨ ᠲᠥᠯᠥᠭᠡ ᠦᠢᠯᠡᠴᠢᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠶᠢ ᠬᠠᠯᠠᠮᠵᠢᠯᠠᠬᠤ ᠶᠢᠨ ᠲᠥᠯᠥᠭᠡ᠂ 5 ᠰᠠᠷ᠎ᠠ ᠶᠢᠨ 20  ᠤ ᠦᠳᠡ ᠶᠢᠨ ᠡᠮᠦᠨ᠎ᠡ᠂ ᠸᠠᠨ ᠺᠧ ᠭᠡᠷ ᠬᠤᠷᠢᠶᠠᠯᠠᠯ ᠨᠢ ᠳ᠋ᠧ ᠰᠢᠶᠠᠨ ᠭᠡᠷ ᠬᠤᠷᠢᠶᠠᠯᠠᠯ ᠲᠠᠢ ᠬᠤᠯᠪᠣᠭᠠᠯᠠᠨ ᠳ᠋ᠧ ᠰᠢᠶᠠᠨ ᠭᠡᠷ ᠬᠤᠷᠢᠶᠠᠯᠠᠯ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠠᠰᠤᠲᠠᠶᠢᠴᠤᠳ ᠤᠨ ᠵᠢᠷᠤᠮ ᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ᠃
11.jpg
    ᠠᠵᠢᠯᠯᠠᠭ᠎ᠠ ᠶᠢ ᠪᠡᠯᠡᠳᠬᠡᠬᠦ ᠱᠠᠲᠤᠨ ᠳᠤ᠂ ᠣᠯᠠᠨ ᠤᠳᠠᠭ᠎ᠠ ᠵᠥᠪᠳᠡᠯᠴᠡᠬᠦ ᠪᠠᠷ ᠳᠡᠮᠵᠢᠨ ᠠᠵᠢᠯ ᠤᠨ ᠬᠤᠪᠢᠶᠠᠷᠢᠯᠠᠯ ᠪᠠ ᠶᠠᠪᠤᠴᠠ ᠶᠢ ᠲᠣᠳᠣᠷᠬᠠᠶᠢᠯᠠᠬᠤ ᠶᠢᠨ ᠬᠠᠮᠲᠤ᠂ ᠰᠦᠯᠵᠢᠶᠡᠨ ᠳᠡᠭᠡᠷᠡᠬᠢ ᠥᠮᠴᠢᠲᠡᠨ ᠰᠦᠷᠦᠭᠯᠡᠨ ᠬᠦᠷᠭᠡᠬᠦ᠂ ᠭᠡᠷ ᠬᠤᠷᠢᠶᠠᠯᠠᠯ ᠤᠨ ᠠᠯᠪᠠᠨ ᠵᠠᠷ ᠤᠨ ᠪᠤᠯᠤᠩ ᠳᠤ ᠨᠠᠭᠠᠬᠤ᠂ ᠰᠦᠯᠵᠢᠶᠡᠨ ᠠᠴᠠ ᠭᠠᠳᠠᠨ᠎ᠠ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠣᠯᠠᠨ ᠠᠷᠭ᠎ᠠ ᠵᠠᠮ ᠢ ᠬᠡᠷᠡᠭᠯᠡᠨ᠂ ᠠᠵᠢᠯᠯᠠᠭ᠎ᠠ ᠶᠢᠨ ᠮᠡᠳᠡᠭᠡ ᠵᠠᠩᠭᠢ ᠶᠢ ᠥᠷᠭᠡᠨ ᠢᠶᠠᠷ ᠤᠬᠠᠭᠤᠯᠵᠤ᠂ ᠨᠠᠰᠤᠲᠠᠶᠢᠴᠤᠳ ᠤᠨ ᠮᠡᠳᠡᠬᠦ ᠶᠤᠰᠤᠲᠠᠢ ᠶᠢ ᠨᠢ ᠪᠦᠬᠦᠨ ᠢ ᠣᠶᠢᠯᠠᠭᠠᠬᠤ ᠶᠢ ᠦᠨᠡᠨᠬᠦ ᠪᠠᠲᠤᠯᠠᠨ᠎ᠠ᠃ ᠬᠠᠮᠲᠤᠷᠠᠭᠰᠠᠨ ᠵᠢᠷᠤᠮ ᠤᠨ ᠬᠠᠶᠢᠴᠢᠯᠠᠬᠤ ᠲᠤᠬᠠᠶ ᠶᠢᠨ ᠲᠠᠯᠠᠪᠠᠶ ᠳᠤ ᠬᠦᠯᠢᠶᠡᠬᠦ ᠲᠣᠭᠤᠷᠢᠭ᠂ ᠦᠰᠦ ᠵᠠᠰᠠᠬᠤ ᠲᠣᠭᠤᠷᠢᠭ ᠬᠤᠪᠢᠶᠠᠵᠤ᠂ ᠭᠡᠷ ᠬᠤᠷᠢᠶᠠᠯᠠᠯ ᠤᠨ ᠠᠵᠢᠯᠲᠠᠳ ᠨᠠᠰᠤᠲᠠᠶᠢᠴᠤᠳ ᠤᠨ ᠰᠠᠭᠤᠭᠠᠯᠢ ᠠᠷᠠᠳ ᠢ ᠡᠮᠬᠢ ᠵᠢᠷᠤᠮ ᠲᠠᠢ ᠪᠠᠷ ᠬᠥᠲᠥᠯᠦᠨ ᠵᠢᠯᠣᠭᠤᠳᠴᠤ ᠮᠥᠷᠯᠡᠭᠦᠯᠦᠨ᠂ ᠬᠦᠯᠢᠶᠡᠵᠦ ᠪᠠᠶᠢᠭ᠎ᠠ ᠨᠠᠰᠤᠲᠠᠶᠢᠴᠤᠳ ᠲᠤ ᠴᠠᠶ ᠬᠦᠷᠭᠡᠬᠦ ᠶᠢᠨ ᠬᠠᠮᠲᠤ ᠠᠰᠠᠭᠤᠯᠲᠠ ᠶᠢ ᠨᠢ ᠬᠦᠯᠢᠴᠡᠩᠭᠦᠶ ᠪᠠᠷ  ᠬᠠᠷᠢᠭᠤᠯᠵᠠᠢ᠃ ᠦᠰᠦ ᠵᠠᠰᠠᠭᠴᠢ ᠰᠠᠶᠢᠨ ᠳᠤᠷᠠᠴᠤᠳ ᠨᠠᠰᠤᠲᠠᠨ ᠤ ᠥᠪᠡᠷᠮᠢᠴᠡ ᠬᠡᠷᠡᠭᠴᠡᠭᠡ ᠶᠢ ᠦᠨᠳᠦᠰᠦᠯᠡᠨ ᠦᠰᠦ ᠪᠠᠨ ᠨᠠᠷᠢᠨ ᠵᠠᠰᠠᠵᠤ᠂ ᠦᠢᠯᠡᠴᠢᠯᠡᠬᠦ ᠶᠠᠪᠤᠴᠠ ᠳᠠᠭᠠᠨ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠠᠮᠢᠳᠤᠷᠠᠯ ᠤᠨ ᠪᠠᠶᠢᠳᠠᠯ ᠢ ᠨᠢ ᠣᠶᠢᠯᠠᠭᠠᠵᠤ᠂ ᠲᠤᠬᠠᠶ ᠶᠢᠨ ᠲᠠᠯᠠᠪᠠᠶ ᠶᠢᠨ ᠬᠦᠳᠡᠯᠭᠡᠭᠡᠨ ᠤ ᠠᠭᠤᠷ ᠠᠮᠢᠰᠬᠤᠯ ᠬᠠᠯᠠᠭᠤᠨ ᠳᠤᠯᠠᠭᠠᠨ ᠡᠶ᠎ᠡ ᠨᠠᠶᠢᠷᠲᠠᠢ᠃    ᠲᠤᠰ ᠤᠳᠠᠭᠠᠨ ᠤ ᠬᠠᠮᠲᠤᠷᠠᠭᠰᠠᠨ ᠵᠢᠷᠤᠮ ᠤᠨ ᠬᠠᠶᠢᠴᠢᠯᠠᠭ᠎ᠠ ᠶᠢᠨ ᠠᠵᠢᠯᠯᠠᠭ᠎ᠠ ᠤᠷᠤᠭᠰᠢᠲᠠᠢ ᠶᠠᠪᠤᠭᠳᠠᠭᠰᠠᠨ  ᠨᠢ ᠸᠠᠨ ᠺᠧ ᠭᠡᠷ ᠬᠤᠷᠢᠶᠠᠯᠠᠯ ᠪᠣᠯᠤᠨ ᠳ᠋ᠧ ᠰᠢᠶᠠᠨ ᠭᠡᠷ ᠬᠤᠷᠢᠶᠠᠯᠠᠯ ᠤᠨ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠨᠢᠭᠡᠳᠦᠭᠡᠷ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠪᠠᠷ᠂ ᠬᠤᠶᠠᠷ ᠭᠡᠷ ᠬᠤᠷᠢᠶᠠᠯᠠᠯ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠲᠣᠭᠲᠠᠴᠠ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠤᠯᠠᠨ ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠬᠤᠷᠢᠶᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠬᠠᠯᠠᠭᠤᠨ ᠳᠤᠯᠠᠭᠠᠨ ᠪᠠ ᠠᠮᠢᠵᠢᠷᠠᠯ ᠤᠨ ᠬᠦᠴᠦᠨ ᠲᠠᠢ ᠡᠶ᠎ᠡ ᠵᠣᠬᠢᠴᠠᠩᠭᠤᠢ ᠭᠡᠷ ᠬᠤᠷᠢᠶᠠᠯᠠᠯ ᠤᠨ ᠠᠮᠢᠳᠤᠷᠠᠯ ᠤᠨ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号