ᠣᠯᠠᠨ ᠲᠦᠮᠡᠨ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠴᠢᠭᠢᠷᠠᠭ | ᠠᠮᠢᠳᠤᠷᠠᠯ ᠤᠨ ᠳᠠᠳᠬᠠᠯ ᠲᠠᠢ ᠪᠣᠯᠭᠠᠨ᠂ ᠰᠠᠭᠤᠭᠠᠯᠢ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠦᠵᠡᠯ | ᠤᠬᠠᠮᠰᠠᠷ ᠢ ᠨᠢ ᠨᠡᠮᠡᠭᠳᠡᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠤᠰᠠᠳᠠ᠃ 5 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠯᠦᠩ ᠢᠦᠶ ᠭᠡᠷ ᠬᠤᠷᠢᠶᠠᠯᠠᠯ ᠯᠢ ᠳ᠋ᠧ | ᠠᠷᠠᠰᠤᠨ ᠤ ᠠᠵᠢᠯᠲᠠᠨ ᠢ ᠤᠷᠢᠵᠤ《 ᠵᠤᠨ ᠤ ᠳᠠᠳᠬᠠᠯ ᠡᠷᠡᠭᠦᠯ ᠮᠡᠨᠳᠦ ᠶᠢᠨ ᠪᠣᠯᠵᠤᠭ᠎ᠠ 》 ᠶᠢᠨ ᠨᠡᠶᠢᠲᠡ ᠶᠢᠨ | ᠠᠰᠠᠷᠠᠮᠵᠢ ᠶᠢᠨ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠡᠬᠢᠯᠡᠬᠦ ᠳᠤ᠂ ᠠᠵᠢᠯᠲᠠᠳ ᠰᠣᠨᠢᠷᠬᠠᠯᠲᠤ ᠠᠰᠠᠭᠤᠯᠲᠠ ᠬᠠᠷᠢᠭᠤᠯᠲᠠ ᠪᠠ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠡᠳᠦᠷ ᠲᠤᠲᠤᠮ ᠤᠨ ᠠᠮᠢᠳᠤᠷᠠᠯ ᠪᠠ ᠪᠡᠶ᠎ᠡ ᠶᠢᠨ ᠲᠠᠮᠢᠷ ᠤᠨ ᠡᠷᠡᠭᠦᠯ | ᠮᠡᠨᠳᠦ ᠶᠢᠨ ᠮᠡᠳᠡᠯᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠪᠡ᠃ ᠠᠮᠢᠳᠤᠯᠢᠭ ᠬᠡᠷᠡᠭ ᠤᠨ | ᠵᠢᠱᠢᠶ᠎ᠡ ᠪᠠᠷ ᠳᠠᠮᠵᠢᠭᠤᠯᠤᠨ ᠠᠵᠢᠯᠯᠠᠵᠤ ᠠᠮᠠᠷᠠᠬᠤ᠂ ᠬᠥᠳᠡᠯᠭᠡᠭᠡᠨ ᠬᠢᠵᠦ ᠪᠣᠯᠪᠠᠰᠤᠷᠠᠬᠤ ᠵᠡᠷᠭᠡ ᠡᠷᠡᠭᠦᠯ ᠰᠠᠷᠠᠭᠤᠯ | ᠠᠮᠢᠳᠤᠷᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠠᠰᠤᠲᠠᠶᠢᠴᠤᠳ ᠢ ᠬᠥᠲᠥᠯᠥᠨ ᠵᠢᠯᠣᠭᠤᠳᠴᠤ | ᠪᠠᠶᠢᠭᠠᠳ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠦᠵᠡᠭᠦᠯᠬᠦ | ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠤᠨ᠎ᠠ᠃ ᠨᠠᠰᠤᠲᠠᠶᠢᠴᠤᠳ ᠤᠨ ᠬᠥᠳᠡᠯᠭᠡᠭᠡᠨ ᠤ ᠡᠷᠡᠭᠦᠯ | ᠮᠡᠨᠳᠦ ᠶᠢᠨ ᠬᠡᠷᠡᠭᠴᠡᠭᠡ ᠳᠤ ᠴᠢᠭᠯᠡᠭᠦᠯᠦᠨ᠂ ᠠᠵᠢᠯᠲᠠᠳ ᠬᠥᠳᠡᠯᠭᠡᠭᠡᠨ ᠬᠢᠬᠦ ᠴᠠᠭ᠂ ᠬᠦᠴᠦᠯᠡᠴᠡ ᠶᠢ ᠰᠢᠨᠵᠢᠯᠡᠬᠦ | ᠤᠬᠠᠭᠠᠨᠴᠢ ᠪᠠᠷ ᠡᠵᠡᠮᠳᠡᠬᠦ ᠶᠢ ᠴᠢᠬᠤᠯᠠᠴᠢᠯᠠᠨ᠂ ᠨᠠᠰᠤᠲᠠᠶᠢᠴᠤᠳ ᠢ ᠵᠢᠭᠠᠨ ᠵᠢᠯᠣᠭᠤᠳᠴᠤ ᠪᠠᠶᠢᠭᠠᠳ ᠲᠣᠰ | ᠪᠡᠶ᠎ᠡ ᠶᠢᠨ ᠪᠠᠶᠢᠳᠠᠯ ᠲᠠᠢ ᠤᠶᠠᠯᠳᠤᠭᠤᠯᠤᠨ ᠵᠦᠶ ᠵᠣᠬᠢᠰᠲᠠᠶ ᠬᠥᠳᠡᠯᠭᠡᠭᠡᠨ ᠤ ᠲᠥᠯᠥᠪᠯᠡᠭᠡ ᠲᠣᠭᠲᠠᠭᠠᠵᠤ᠂ ᠵᠢᠮ᠎ᠡ | ᠶᠣᠰᠣ ᠲᠠᠢ ᠬᠥᠳᠡᠯᠭᠡᠭᠡᠨ ᠬᠢᠬᠦ ᠪᠠᠷ ᠳᠡᠮᠵᠢᠨ ᠤᠨᠲᠠᠯᠭ᠎ᠠ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠪᠡᠶ᠎ᠡ | ᠴᠣᠭᠴᠠ ᠶᠢᠨ ᠡᠭᠡᠯᠢᠯᠡᠭᠡ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠡᠭᠦᠨ ᠤ ᠬᠠᠮᠲᠤ ᠵᠣᠨ ᠤ ᠤᠯᠠᠷᠢᠯ ᠤᠨ ᠠᠭᠤᠷ | ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ᠂ ᠨᠠᠰᠤᠲᠠᠶᠢᠴᠤᠳ ᠲᠤ ᠨᠠᠷᠠᠰᠢᠬᠤ ᠠᠴᠠ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠶᠢ ᠰᠠᠨᠠᠭᠤᠯᠵᠤ᠂ ᠲᠠᠷᠪᠤᠰ᠂ ᠥᠷᠭᠡᠰᠦᠲᠦ ᠬᠡᠮᠬᠡ ᠵᠡᠷᠭᠡ ᠤᠰᠤ ᠡᠯᠪᠡᠭ ᠠᠭᠤᠯᠤᠭᠰᠠᠨ ᠵᠢᠮᠢᠰ | ᠨᠣᠭᠤᠭ᠎ᠠ ᠶᠢ ᠨᠡᠮᠡᠵᠦ᠂ ᠲᠣᠰᠣᠯᠢᠭ᠂ ᠭᠤᠱᠤᠭᠤᠨ ᠢᠳᠡᠭᠡᠨ ᠢ ᠪᠠᠭᠠᠰᠬᠠᠵᠤ᠂ ᠢᠳᠡᠭᠡᠨ ᠤᠮᠳᠠᠭᠠᠨ ᠤ | ᠪᠦᠲᠦᠴᠡ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠳᠣᠭᠤᠳᠣ ᠭᠡᠳᠡᠰᠦ ᠡᠪ ᠥᠬᠡᠶ ᠪᠣᠯᠬᠤ ᠠᠴᠠ | ᠬᠢᠴᠢᠶᠡᠨ᠎ᠡ᠃ | ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠤᠨ | ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠂ ᠲᠠᠷᠠᠭᠠᠴᠢ ᠪᠠᠷ᠂ ᠯᠦᠩ ᠢᠦᠶ ᠭᠡᠷ | ᠬᠤᠷᠢᠶᠠᠯᠠᠯ ᠨᠢ ᠦᠷᠭᠦᠯᠵᠢᠯᠡᠨ ᠰᠠᠭᠤᠭᠠᠯᠢ ᠠᠷᠠᠳ ᠤᠨ ᠡᠷᠡᠭᠦᠯ ᠮᠡᠨᠳᠦ ᠪᠠᠷ ᠭᠠᠷᠳᠠᠴᠠ ᠪᠣᠯᠭᠠᠵᠤ᠂ ᠰᠠᠭᠤᠭᠠᠯᠢ | ᠠᠷᠠᠳ ᠤᠨ ᠵᠣᠯ ᠵᠢᠷᠭᠠᠯ ᠢᠶᠠᠷ ᠬᠦᠴᠦᠯᠡᠬᠦ ᠴᠡᠭ ᠪᠤᠯᠭᠠᠵᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠡᠷᠡᠭᠦᠯ ᠳᠤᠯᠠᠭᠠᠨ ᠡᠶ᠎ᠡ ᠵᠣᠬᠢᠴᠠᠩᠭᠤᠶ ᠭᠡᠷ ᠬᠤᠷᠢᠶᠠᠯᠠᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ | | | | | | | | |