ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/5/27
   5 ᠰᠠᠷ᠎ᠠ ᠶᠢᠨ 23  ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠤ ᠯᠦᠸᠧᠶᠠᠩ ᠬᠤᠲᠠ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 《 ᠵᠢᠤ ᠶᠤᠸᠠᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠦᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ 》《 ᠵᠢᠤ ᠶᠤᠸᠠᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ 2025 ᠣᠨ ᠤ ᠠᠶᠦᠯᠭᠦᠢ ᠦᠢᠯᠡᠳᠪᠦᠷᠢᠯᠡᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ 》《 ᠵᠢᠤ ᠶᠤᠸᠠᠨ ᠲᠣᠭᠤᠷᠢᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ 》《 ᠬᠤᠶᠠᠷᠬᠤᠳᠳᠤᠭ ᠴᠢᠶᠠᠨ ᠶᠢᠨ ᠬᠡᠦᠬᠡᠳ ᠤᠨ ᠴᠡᠴᠡᠷᠯᠢᠭ ᠪᠠ ᠬᠤᠷᠢᠨᠭᠡᠷ ᠤᠨ ᠲᠢᠶᠠᠨ ᠾᠧ ᠢ ᠬᠡᠦᠬᠡᠳ ᠤᠨ ᠴᠡᠴᠡᠷᠯᠢᠭ ᠢ ᠬᠠᠰᠤᠵᠤ ᠨᠡᠶᠢᠯᠡᠭᠦᠯᠬᠦ ᠬᠡᠷᠡᠭᠵᠢᠭᠦᠯᠬᠦ ᠲᠥᠰᠦᠯ 》《 ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠠᠴᠠ ᠮᠥᠰᠥ ᠴᠠᠰᠤ ᠪᠠᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠳᠡᠮᠵᠢᠬᠦ ᠲᠥᠷᠥᠯ ᠵᠦᠢᠯ ᠤᠨ ᠠᠵᠢᠯ ᠤᠨ ᠲᠥᠰᠦᠯ 》 ᠢ ᠰᠤᠳᠤᠯᠵᠤ ᠬᠢᠨᠠᠨ ᠵᠥᠪᠯᠡᠪᠡ︔ ᠵᠢᠤ ᠶᠤᠸᠠᠨ ᠲᠤᠭᠤᠷᠢᠭ ᠤᠨ《 ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠦᠴᠦᠯᠡᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》 ᠤᠨ ᠲᠥᠷᠥᠯ ᠵᠦᠢᠯ ᠤᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ᠂ ᠵᠢᠤ ᠶᠤᠸᠠᠨ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠳᠤ ᠳᠡᠪᠰᠢᠭᠦᠯᠬᠦ ᠪᠠᠷ ᠭᠤᠶᠤᠴᠢᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠦᠷᠢᠶᠡᠯᠡᠩ ᠲᠣᠭᠤᠷᠢᠭ ᠤᠨ ᠣᠨᠴᠠ ᠡᠭᠦᠷᠭᠡ ᠭᠦᠢᠴᠡᠳᠭᠡᠬᠦ ᠭᠠᠯ ᠤᠨᠲᠠᠷᠠᠭᠠᠬᠤ ᠥᠷᠲᠡᠭᠡ ᠶᠢᠨ ᠭᠠᠯ ᠤᠨᠲᠠᠷᠠᠭᠠᠬᠤ ᠲᠡᠷᠭᠡ ᠬᠥᠰᠬᠡ ᠬᠤᠳᠠᠯᠳᠤᠨ ᠠᠪᠬᠤ᠂ ᠵᠢᠦ ᠶᠤᠸᠠᠨ ᠲᠣᠭᠤᠷᠢᠭ ᠤᠨ ᠰᠢᠩ ᠢᠦᠶ ᠯᠦ ᠬᠡᠦᠬᠡᠳ ᠤᠨ ᠡᠷᠡᠭᠦᠯᠵᠢᠯ ᠤᠨ ᠲᠥᠪ ᠵᠢᠦ ᠶᠤᠸᠠᠨ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠶᠢᠲᠤ ᠲᠣᠭᠤᠷᠢᠭ ᠢ ᠲᠦᠷᠢᠶᠡᠰᠦᠯᠡᠬᠦ  ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠰᠢᠶᠤᠤ ᠫᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠨ ᠴᠢᠷᠮᠠᠶᠢᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠤ ᠶᠤᠸᠠᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠨ᠎ᠠ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠲᠦᠭᠵᠢᠷᠡᠯ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠶ ᠪᠥᠲᠥᠭᠡᠨ ᠪᠠᠶᠢᠭᠤᠯᠤᠯᠲᠠ ᠠᠭᠢᠬᠤ ᠶᠢ ᠪᠠᠲᠤᠯᠠᠬᠤ ᠬᠡᠷᠡᠭᠲᠡᠶ᠃《 ᠵᠢᠤ ᠶᠤᠸᠠᠨ ᠲᠤᠭᠤᠷᠢᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ 》 ᠢᠶᠠᠷ ᠯᠠᠪᠯᠠᠯᠲᠠ ᠪᠣᠯᠭᠠᠵᠤ ᠠᠵᠢᠯ ᠤᠨ ᠬᠤᠪᠢᠶᠠᠷᠢᠯᠠᠯ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠶᠢᠳᠠᠪᠤᠷᠢᠲᠠᠶ ᠤᠰᠤᠨ ᠤ ᠲᠤᠯᠭᠠᠭᠤᠷᠢᠯᠠᠯ᠂ ᠤᠰᠤᠨ ᠤ ᠪᠠᠲᠤᠯᠠᠭ᠎ᠠ ᠬᠠᠩᠭᠠᠨ᠎ᠠ᠃ ᠬᠤᠷᠠᠯ ᠤᠨ ᠰᠠᠨᠠᠯ ᠶᠣᠰᠣᠭᠠᠷ ᠬᠦᠷᠢᠶᠡᠯᠡᠩ ᠲᠣᠭᠤᠷᠢᠭ ᠤᠨ ᠣᠨᠴᠠ ᠡᠭᠦᠷᠭᠡ ᠭᠦᠢᠴᠡᠳᠭᠡᠬᠦ ᠭᠠᠯ ᠤᠨᠲᠠᠷᠠᠭᠠᠬᠤ ᠥᠷᠲᠡᠭᠡ ᠶᠢᠨ ᠭᠠᠯ ᠤᠨᠲᠠᠷᠠᠭᠠᠬᠤ ᠲᠡᠷᠭᠡ ᠬᠥᠰᠬᠡ ᠬᠤᠳᠠᠯᠳᠤᠨ ᠠᠪᠬᠤ᠂ ᠬᠡᠦᠬᠡᠳ ᠤᠨ ᠴᠡᠴᠡᠷᠯᠢᠭ ᠢ ᠬᠠᠰᠤᠵᠤ ᠨᠡᠶᠢᠯᠡᠭᠦᠯᠬᠦ᠂ ᠰᠤᠷᠭᠠᠭᠤᠯᠢ ᠶᠢᠨ ᠲᠣᠭᠤᠷᠢᠭ ᠢ ᠲᠦᠷᠢᠶᠡᠰᠦᠯᠡᠬᠦ᠂ ᠮᠥᠰᠥ ᠴᠠᠰᠤ ᠪᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠡᠮᠨᠡᠯᠭᠡ ᠶᠢᠨ ᠬᠤᠷᠢᠶ᠎ᠠ ᠶᠢ ᠳᠡᠪᠰᠢᠭᠦᠯᠬᠦ ᠵᠡᠷᠭᠡ ᠬᠤᠯᠪᠣᠭᠳᠠᠯ ᠪᠥᠬᠦᠶ ᠵᠦᠢᠯᠡᠰ ᠢ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠷᠭᠡᠬᠡᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号