ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠰᠢᠤᠳᠠᠨ ᠤ ᠦᠢᠯᠡᠰ ᠤᠨ | ᠠᠮᠤᠷ ᠲᠦᠪᠰᠢᠨ ᠤ ᠲᠥᠪ ᠤᠨ ᠵᠢᠷᠤᠮᠵᠢᠯ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | 2025 ᠣᠨ ᠤ 5 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠵᠢᠤ ᠶᠤᠸᠠᠨ ᠲᠣᠭᠤᠷᠢᠭ ᠤᠨ ᠵᠠᠮ | ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠤᠨ《 | 2025 ᠣᠨ ᠤ ᠪᠥᠬᠦ ᠣᠷᠣᠨ ᠤ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠠᠵᠢᠯ ᠤᠨ | ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ 》 ᠤᠨ ᠬᠤᠷᠠᠯ ᠳᠤ ᠣᠷᠣᠯᠴᠠᠪᠠ᠃ | | | | ᠲᠣᠰ ᠤᠳᠠᠭᠠᠨ ᠤ ᠪᠤᠯᠪᠠᠰᠤᠷᠠᠯ ᠳᠤ ᠰᠦᠯᠵᠢᠶᠡᠨ ᠳᠡᠭᠡᠷᠡᠬᠢ ᠬᠡᠯᠪᠡᠷᠢ ᠶᠢ ᠠᠪᠴᠤ᠂ ᠵᠠᠮ ᠬᠠᠷᠢᠯᠴᠠᠭᠠᠨ ᠤ | ᠦᠢᠯᠡᠰ ᠤᠨ ᠬᠥᠭᠵᠢᠯᠲᠡ ᠶᠢᠨ ᠲᠥᠪ ᠠᠴᠠ ᠰᠢᠤᠳᠠᠨ ᠤ ᠬᠠᠮᠢᠶᠠᠷᠤᠯᠲᠠ ᠶᠢᠨ ᠲᠠᠰᠤᠭ ᠤᠨ ᠠᠵᠢᠯᠲᠠᠨ ᠢ | ᠳᠣᠭᠢᠷᠠᠭᠤᠯᠤᠨ ᠪᠤᠯᠪᠠᠰᠤᠷᠠᠯ ᠳᠤ ᠣᠷᠣᠯᠴᠠᠭᠤᠯᠤᠨ᠎ᠠ᠃ ᠪᠤᠯᠪᠠᠰᠤᠷᠠᠯ ᠤᠨ ᠠᠭᠤᠯᠭ᠎ᠠ ᠨᠢ ᠡᠯᠪᠡᠭ ᠪᠠᠶᠠᠯᠢᠭ ᠪᠥᠬᠦ | ᠲᠠᠯ᠎ᠠ ᠶᠢᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ 2025 | ᠣᠨ ᠤ ᠪᠥᠬᠦ ᠣᠷᠣᠨ ᠤ ᠰᠢᠤᠳᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ | 2025 ᠣᠨ ᠤ ᠪᠥᠬᠦ ᠣᠷᠣᠨ ᠤ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠠᠵᠢᠯ ᠳᠤ | ᠪᠠᠶᠢᠷᠢᠯᠠᠭᠤᠯᠤᠯᠲᠠ ᠬᠢᠵᠦ᠂ ᠭᠤᠷᠪᠠᠨ ᠱᠠᠲᠤᠨ ᠤ ᠠᠮᠤᠷ ᠲᠦᠪᠰᠢᠨ ᠤ ᠲᠥᠪ ᠤᠨ ᠦᠢᠯᠡᠴᠢᠯᠡᠭᠡᠨ ᠤ | ᠲᠤᠯᠭᠠᠭᠤᠷᠢᠯᠠᠯ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠭᠤᠤᠯᠳᠠᠯᠭ᠎ᠠ ᠵᠡᠷᠭᠡ ᠣᠯᠠᠨ ᠵᠦᠢᠯ ᠤᠨ ᠴᠢᠬᠤᠯᠠ | ᠠᠭᠤᠯᠭ᠎ᠠ ᠶᠢ ᠲᠠᠶᠢᠯᠪᠤᠷᠢᠯᠠᠪᠠ᠃ ᠲᠣᠪᠴᠢᠶ᠎ᠠ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠠᠴᠠ | ᠰᠢᠤᠳᠠᠨ ᠤ ᠲᠦᠷᠭᠡᠨ ᠬᠦᠷᠭᠡᠬᠦ ᠦᠢᠯᠡᠰ ᠤᠨ ᠣᠳᠣᠬᠠᠨ ᠤ ᠠᠮᠤᠷ ᠲᠦᠪᠰᠢᠨ ᠤ ᠪᠠᠶᠢᠳᠠᠯ ᠪᠠ ᠠᠮᠤᠷ ᠲᠦᠪᠰᠢᠨ ᠤ | ᠲᠥᠪ ᠤᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠨᠠᠷᠢᠨ ᠲᠠᠶᠢᠯᠪᠤᠷᠢᠯᠠᠵᠤ᠂ ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠭᠠᠵᠠᠷ ᠴᠤ ᠬᠥᠳᠡᠭᠡ | ᠲᠣᠰᠬᠤᠨ ᠤ ᠢᠯᠡᠭᠡᠨ ᠬᠦᠷᠭᠡᠬᠦ ᠠᠮᠤᠷ ᠲᠦᠪᠰᠢᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠢᠨᠠᠨ | ᠬᠡᠮᠵᠢᠬᠦ ᠭᠤᠤᠯᠳᠠᠯᠭ᠎ᠠ ᠵᠢᠴᠢ ᠠᠵᠢᠯ ᠤᠨ ᠠᠷᠭ᠎ᠠ ᠪᠠᠨ ᠬᠤᠪᠢᠶᠠᠯᠴᠠᠨ ᠡᠳ᠋ᠯᠡᠵᠦ᠂ ᠪᠠᠰᠠ ᠰᠢᠤᠳᠠᠨ ᠤ ᠦᠢᠯᠡᠰ ᠤᠨ | ᠬᠡᠷᠡᠭᠯᠡᠭᠴᠢᠳ ᠤᠨ ᠭᠤᠮᠣᠳᠠᠯ ᠲᠤᠭᠠᠴᠠᠯᠲᠠ ᠶᠢ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠲᠠᠶᠢᠯᠤᠮᠵᠢ ᠵᠢᠴᠢ | ᠠᠰᠠᠭᠤᠳᠠᠯ ᠤᠨ ᠲᠤᠬᠠᠶ ᠬᠠᠷᠢᠭᠤᠯᠲᠠ ᠶᠢ ᠥᠷᠨᠢᠭᠦᠯᠪᠡ᠃ | ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠬᠤ ᠪᠠᠷ ᠳᠠᠮᠵᠢᠭᠤᠯᠤᠨ᠂ ᠵᠢᠤ ᠶᠤᠸᠠᠨ ᠲᠣᠭᠤᠷᠢᠭ ᠤᠨ ᠵᠠᠮ | ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠤᠨ ᠬᠤᠷᠠᠯ ᠳᠤ ᠣᠷᠣᠯᠴᠠᠭᠰᠠᠳ ᠰᠢᠤᠳᠠᠨ ᠤ ᠦᠢᠯᠡᠰ ᠤᠨ | ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠪᠠ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ | ᠠᠯᠬᠤᠮ ᠲᠣᠳᠣᠷᠬᠠᠶᠢᠯᠠᠵᠤ᠂ ᠠᠵᠢᠯ ᠲᠥᠷᠥᠯ ᠤᠨ ᠠᠮᠤᠷ ᠲᠦᠪᠰᠢᠨ ᠤ ᠪᠠᠶᠢᠳᠠᠯ ᠤᠨ ᠲᠤᠬᠠᠶ ᠲᠠᠨᠢᠯᠲᠠ᠂ | ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠵᠢᠷᠤᠮᠵᠢᠯ ᠵᠡᠷᠭᠡ ᠲᠠᠯ᠎ᠠ ᠪᠠᠷ ᠡᠯᠪᠡᠭ ᠠᠮᠵᠢᠯᠲᠠ ᠤᠯᠪᠠ᠃ ᠲᠠᠷᠠᠭᠠᠴᠢ | ᠪᠠᠷ᠂ ᠵᠢᠤ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠲᠣᠰ ᠤᠳᠠᠭᠠᠨ ᠤ | ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ | ᠦᠨᠡᠨ ᠬᠦ ᠬᠡᠷᠡᠭᠯᠡᠵᠦ᠂ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠂ ᠪᠥᠬᠦ ᠲᠤᠭᠤᠷᠢᠭ ᠤᠨ ᠰᠢᠤᠳᠠᠨ ᠤ ᠦᠢᠯᠡᠰ ᠤᠨ ᠠᠮᠤᠷ ᠲᠦᠪᠰᠢᠨ᠂ ᠲᠣᠭᠲᠠᠭᠤᠨ᠂ ᠥᠨᠳᠥᠷ | ᠪᠦᠲᠦᠮᠵᠢᠲᠡᠶ ᠪᠠᠷ ᠬᠥᠭᠵᠢᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | | | | |