ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠳ᠋ᠢᠩ ᠱᠦᠵᠢ ᠶᠢᠨ《 ᠲᠥᠷᠥ ᠶᠢᠨ ᠪᠣᠳᠣᠯᠭ᠎ᠠ ᠶᠢᠨ ᠪᠠᠭᠠᠵᠢ ᠶᠢ | ᠭᠦᠢᠴᠡᠳ ᠰᠠᠶᠢᠲᠤᠷ ᠬᠡᠷᠡᠭᠯᠡᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ | ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠢᠳᠡᠪᠬᠢᠲᠡᠶ ᠪᠠᠷ ᠳᠡᠭᠡᠭᠰᠢ ᠪᠠᠨ ᠴᠢᠷᠮᠠᠶᠢᠨ ᠭᠦᠶᠦᠨ | ᠲᠡᠮᠡᠴᠡ 》ᠭᠡᠬᠦ ᠵᠣᠷᠢᠭ ᠰᠠᠨᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠲᠣᠭᠤᠷᠢᠭ ᠤᠨ ᠳᠠᠷᠤᠭ᠎ᠠ ᠶᠢᠨ ᠳᠠᠭᠠᠭᠤᠯᠭ᠎ᠠ ᠳᠤᠤᠷ᠎ᠠ ᠢᠳᠡᠪᠬᠢᠲᠡᠶ ᠪᠠᠷ ᠳᠡᠭᠡᠭᠰᠢ ᠭᠦᠶᠦᠨ ᠭᠦᠢᠴᠡᠳᠬᠡᠵᠦ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠳᠤ ᠬᠦᠷᠴᠦ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠢ | ᠠᠮᠵᠢᠯᠲᠠᠲᠠᠶ ᠭᠤᠶᠤᠴᠢᠯᠠᠨ ᠮᠡᠳᠡᠭᠦᠯᠬᠦ ᠪᠠᠷ ᠴᠢᠷᠮᠠᠶᠢᠪᠠ᠃ | | | | ᠡᠮᠦᠨᠡᠬᠢ ᠬᠤᠭᠤᠴᠠᠭᠠᠨ ᠳᠤ ᠡᠯ᠎ᠡ ᠲᠠᠰᠤᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ | ᠴᠤᠭᠯᠠᠭᠤᠯᠬᠤ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠪᠦᠲᠦᠮᠵᠢᠲᠡᠶ ᠵᠤᠯᠭᠠᠭᠤᠯᠬᠤ ᠪᠠᠷ ᠳᠠᠮᠵᠢᠨ᠂ | ᠲᠣᠰ ᠤᠳᠠᠭ᠎ᠠ ᠶᠢᠨ ᠭᠦᠢᠴᠡᠳᠭᠡᠬᠦ ᠭᠤᠤᠯᠳᠠᠯᠭ᠎ᠠ ᠲᠠᠢ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ | ᠲᠠᠯ᠎ᠠ ᠪᠠᠷ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠥᠪᠡᠷᠲᠡᠭᠡᠨ | ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠮᠡᠳᠡᠭᠦᠯᠬᠦ | ᠠᠵᠢᠯ ᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠵᠢᠤ ᠶᠤᠸᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠰᠢᠶᠠᠨ ᠤ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠨᠢᠭᠡᠳᠦᠭᠡᠷ | ᠲᠥᠷᠥᠯ ᠤᠨ ᠦᠨᠡᠯᠡᠯᠲᠡ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ | ᠲᠥᠯᠥᠪᠯᠡᠭᠡ ᠶᠢᠨ ᠲᠥᠷᠥᠯ ᠵᠦᠢᠯ ᠵᠢᠴᠢ ᠳᠤᠮᠳᠠ ᠲᠤᠷᠰᠢᠯᠲᠠ ᠬᠢᠬᠦ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤᠮᠳᠠ ᠲᠤᠷᠰᠢᠯᠲᠠ ᠬᠢᠬᠦ | ᠰᠠᠭᠤᠷᠢᠨ ᠭᠠᠵᠠᠷ ᠵᠡᠷᠭᠡ 28 ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠡᠷᠭᠡᠪᠡᠷ ᠥᠷᠨᠢᠭᠦᠯᠦᠨ᠎ᠡ᠃ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠠᠯ᠎ᠠ ᠪᠠᠷ᠂ ᠰᠢᠨ᠎ᠡ ᠶᠢ ᠡᠭᠦᠳᠬᠦ ᠬᠡᠯᠪᠡᠷᠢ ᠶᠢᠨ 17 ᠳᠤᠮᠳᠠ ᠪᠠᠭ᠎ᠠ | ᠠᠵᠤ ᠠᠬᠤᠶᠢᠯᠠᠯ ᠢ ᠲᠤᠰᠬᠠᠶ ᠨᠠᠷᠢᠯᠢᠭ ᠣᠨᠴᠠ ᠰᠢᠨ᠎ᠡ ᠪᠠᠷ ᠭᠤᠶᠤᠴᠢᠯᠠᠨ ᠮᠡᠳᠡᠭᠦᠯᠬᠦ ᠶᠢ ᠡᠮᠬᠢᠯᠡᠵᠦ᠂ ᠬᠦᠷᠢᠶᠡᠯᠡᠩ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠠᠳᠠᠯ ᠤᠨ ᠤᠰᠤᠨ ᠴᠥᠭᠦᠷᠥᠮ ᠢ ᠪᠥᠲᠥᠭᠡᠨ ᠪᠠᠶᠢᠭᠤᠯᠬᠤ᠂ ᠪᠣᠬᠢᠷ | ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ | ᠠᠬᠢᠭᠤᠯᠤᠨ᠂ 8 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ᠂ | 1 ᠠᠵᠤ ᠠᠬᠤᠶᠢᠯᠠᠯ ᠢ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠪᠠᠷ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ | 1000 ᠲᠦᠮᠡᠨ ᠲᠥᠭᠦᠷᠢᠭ ᠤᠨ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠰᠢᠨᠡᠳᠬᠡᠬᠦ ᠲᠤᠰᠬᠠᠶ ᠪᠠᠯᠠ ᠮᠥᠩᠭᠦ | ᠭᠤᠶᠤᠴᠢᠯᠠᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳᠤ ᠮᠠᠨ ᠤ ᠲᠤᠭᠤᠷᠢᠭ ᠤᠨ ᠲᠥᠷᠥᠯ ᠵᠦᠢᠯ ᠢ | ᠢᠳᠡᠪᠬᠢᠲᠡᠶ ᠲᠠᠨᠢᠯᠴᠠᠭᠤᠯᠬᠤ ᠪᠠᠷ ᠳᠡᠮᠵᠢᠨ᠂ ᠲᠥᠷᠥᠯ ᠵᠦᠢᠯ ᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠬᠦ ᠪᠠᠷ | ᠴᠢᠷᠮᠠᠶᠢᠵᠤ᠂ ᠮᠠᠨ ᠤ ᠲᠤᠭᠤᠷᠢᠭ ᠤᠨ ᠤᠯᠠᠮᠵᠢᠯᠠᠯᠲᠤ ᠠᠵᠤ ᠦᠢᠯᠡᠰ ᠤᠨ ᠳᠡᠭᠡᠳᠦ ᠳᠡᠰ᠂ ᠤᠶᠤᠨᠴᠢᠯᠠᠯᠲᠠ᠂ | ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠰᠢᠨ᠎ᠡ ᠴᠢᠨᠠᠷ ᠪᠥᠬᠦᠶ | ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠦᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠵᠤ᠂ ᠮᠠᠨ ᠤ | ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ | | | | | | | | |