ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠵᠠᠬᠢᠳᠠᠯ ᠢᠯᠡᠭᠡᠵᠦ ᠹᠦᠳᠠᠨ ᠶᠡᠭᠡ ᠰᠤᠷᠭᠠᠭᠤᠯᠢ | ᠪᠠᠶᠢᠭᠤᠯᠤᠭᠳᠠᠭᠰᠠᠨ 120 ᠵᠢᠯ ᠤᠨ ᠣᠶ ᠳᠤ ᠪᠠᠶᠠᠷ ᠬᠦᠷᠭᠡᠵᠦ᠂ ᠪᠦᠭᠦ ᠪᠠᠭᠰᠢ ᠰᠣᠷᠣᠬᠴᠢ ᠠᠵᠢᠯᠲᠠᠨ ᠪᠣᠯᠣᠨ ᠥᠷᠭᠡᠨ | ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 120 ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠴᠠᠭ | ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠷᠠᠭᠤ ᠠᠯᠳᠠᠷᠲᠤ ᠤᠯᠤᠰ ᠢᠶᠠᠨ ᠬᠠᠶᠢᠷᠠᠯᠠᠬᠤ ᠤᠯᠠᠮᠵᠢᠯᠠᠯ ᠪᠠ ᠰᠢᠯᠢᠳᠡᠭ | ᠰᠤᠷᠭᠠᠭᠤᠯᠢ ᠶᠢᠨ ᠰᠤᠷᠲᠠᠯ ᠢ ᠪᠦᠷᠢᠯᠳᠦᠭᠦᠯᠵᠦ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠮᠠᠰᠢ | ᠤᠯᠠᠨ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠡᠭᠦᠳᠴᠦ᠂ ᠤᠯᠤᠰ ᠤᠨ ᠪᠦᠲᠦᠭᠡᠨ ᠪᠠᠶᠢᠭᠤᠯᠤᠯᠲᠠ | ᠪᠣᠯᠣᠨ ᠦᠨᠳᠦᠰᠦᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ | ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ | ᠪᠡᠶ᠎ᠡ ᠪᠠᠨ ᠳᠠᠭᠠᠭᠠᠵᠤ ᠴᠢᠳᠠᠪᠤᠷᠢᠲᠠᠨ ᠬᠥᠮᠥᠵᠢᠭᠦᠯᠬᠦ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ᠂ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠰᠢᠨ᠎ᠡ ᠶᠢ ᠡᠭᠦᠳᠬᠦ᠂ ᠣᠨᠣᠯ ᠤᠨ ᠰᠢᠨ᠎ᠡ ᠶᠢ ᠡᠭᠦᠳᠬᠦ᠂ ᠠᠷᠭ᠎ᠠ ᠶᠢᠨ | ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠲᠠᠰᠤᠷᠠᠯᠲᠠ ᠦᠭᠡᠢ | ᠰᠢᠨ᠎ᠡ ᠬᠤᠪᠢ ᠨᠡᠮᠡᠷᠢ ᠦᠵᠡᠭᠦᠯᠭᠦ ᠶᠢ ᠹᠦᠳᠠᠨ ᠶᠡᠭᠡ ᠰᠤᠷᠭᠠᠭᠤᠯᠢ ᠶᠢᠨ ᠬᠢᠨ ᠳᠤ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ 1905 ᠣᠨ ᠳᠤ ᠪᠠᠶᠢᠭᠤᠯᠤᠭᠳᠠᠵᠠᠢ᠃ 120 ᠵᠢᠯ ᠤᠨ ᠲᠤᠷᠰᠢ ᠹᠦᠳᠡᠨ | ᠶᠡᠭᠡ ᠰᠤᠷᠭᠠᠭᠤᠯᠢ ︽ᠥᠷᠭᠡᠨ ᠮᠡᠳᠡᠯᠭᠡ ᠪᠠᠲᠤ ᠢᠲᠡᠭᠡᠯ ᠨᠢᠮᠪᠠᠢ ᠰᠤᠷᠤᠯᠴᠠᠯᠭ᠎ᠠ ᠨᠢᠭᠲᠠ ᠰᠡᠳᠬᠢᠬᠦᠢ︾ ᠭᠡᠬᠦ | ᠰᠤᠷᠭᠠᠭᠤᠯᠢ ᠶᠢᠨ ᠰᠤᠷᠭᠠᠯ ᠢᠶᠠᠷ᠂ ᠴᠣᠯᠭᠤᠷᠠᠬᠤ ᠶᠢ ᠬᠥᠭᠡᠭᠡᠴᠡᠯᠳᠦᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠤᠯᠤᠰ | ᠣᠷᠣᠨ ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠥᠵᠢᠭᠦᠯᠵᠡᠢ᠃ | | | | | | | | | | |