ᠠᠮᠢᠵᠢᠷᠠᠯ ᠤᠨ ᠬᠦᠴᠦᠨ ᠲᠠᠢ ᠢᠳᠡᠷᠡᠭᠦᠨ ᠠᠯᠬᠤᠭ᠎ᠠ ᠪᠠᠷ ᠴᠤᠭ ᠵᠢᠪᠬᠤᠭ᠎ᠠ ᠪᠠᠨ ᠢᠯᠡᠷᠡᠭᠦᠯᠵᠦ ᠂ ᠳᠡᠯᠭᠡᠨ ᠪᠣᠷᠣᠯᠠᠭᠤᠯᠬᠤ ᠬᠦᠴᠦᠨ ᠢᠶᠠᠨ ᠲᠥᠪᠯᠡᠷᠡᠭᠦᠯᠦᠨ ᠬᠥᠭᠵᠢᠯ ᠮᠠᠨᠳᠤᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2025/5/29
    5 ᠰᠠᠷ᠎ᠠ ᠶᠢᠨ 24  ᠤ ᠡᠳᠦᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠴᠢᠨ ᠤ ᠡᠪᠯᠡᠯ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠠᠷᠪᠠ ᠭᠠᠷᠤᠶ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠬᠤᠷᠰᠢᠶ᠎ᠠ ᠲᠠᠢ ᠬᠠᠮᠲᠤᠷᠠᠨ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠲᠤ ᠵᠢᠤ ᠶᠤᠸᠠᠨ ᠲᠣᠭᠤᠷᠢᠭ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠢᠴᠢ ᠰᠠᠶᠢᠬᠠᠨᠲᠠᠯ᠎ᠠ ᠢᠳᠡᠷᠡᠭᠦᠨ ᠠᠯᠬᠤᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ《 ᠠᠮᠢᠵᠢᠷᠠᠯ ᠤᠨ ᠬᠦᠴᠦᠨ ᠲᠠᠢ ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠰᠢᠨ᠎ᠡ ᠬᠥᠳᠡᠭᠡ ᠲᠣᠰᠬᠤᠨ ᠤ ᠠᠵᠤ ᠠᠬᠤᠶᠢᠯᠠᠯ ᠳᠤ ᠬᠦᠴᠦᠨ ᠨᠡᠮᠡᠷᠢᠯᠡᠬᠦ 》 ᠪᠠᠷ ᠭᠤᠤᠯ ᠰᠡᠳᠦᠪ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠷᠡᠭᠦᠯᠬᠦ ᠶᠢ ᠭᠦᠨᠵᠡᠭᠡᠶ ᠠᠭᠤᠰᠤᠯᠴᠠᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠬᠤ ᠶᠢᠨ ᠬᠠᠮᠲᠤ᠂ ᠲᠣᠰ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢ ᠠᠬᠢᠭᠤᠯᠵᠤ᠂ ᠵᠢᠦ ᠶᠤᠸᠠᠨ ᠤ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠵᠢᠯᠯᠠᠭ᠎ᠠ ᠨᠢ ᠵᠠᠭᠤ ᠭᠠᠷᠤᠶ ᠬᠤᠲᠠ ᠶᠢᠨ ᠠᠷᠠᠳ ᠤᠨ ᠢᠳᠡᠪᠬᠢᠲᠡᠶ ᠣᠷᠣᠯᠴᠠᠬᠤ ᠶᠢ ᠲᠠᠲᠠᠪᠠ᠃
11.jpg
    ᠳᠤᠬᠢᠶᠠᠨ ᠤ ᠫᠤᠤ ᠶᠢᠨ ᠳᠤᠤᠭᠠᠷᠬᠤ ᠶᠢ ᠳᠠᠭᠠᠯᠳᠤᠨ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠺᠠᠳ᠋ᠷ ᠠᠵᠢᠯᠲᠠᠨ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠥᠯᠥᠭᠡᠯᠡᠭᠴᠢ ᠰᠠᠶᠢᠬᠠᠨᠲᠠᠯ᠎ᠠ ᠶᠢᠨ ᠲᠠᠯ᠎ᠠ ᠨᠤᠲᠤᠭ ᠤᠨ ᠵᠠᠮ ᠢᠶᠠᠷ ᠡᠮᠬᠢ ᠵᠢᠷᠤᠮ ᠲᠠᠢ ᠤᠷᠤᠭᠰᠢᠯᠠᠪᠠ᠃ ᠣᠷᠣᠯᠴᠠᠭᠰᠠᠳ ᠰᠢᠨ᠎ᠡ ᠰᠤᠷᠭᠤᠭ ᠠᠭᠤᠷ ᠠᠮᠢᠰᠬᠤᠯ ᠪᠣᠯᠤᠨ ᠨᠣᠭᠤᠭᠠᠨ ᠥᠩᠭᠡᠲᠦ ᠭᠤᠶᠣ ᠦᠵᠡᠮᠵᠢ ᠶᠢᠨ ᠳᠤᠮᠳᠠ ᠪᠡᠶ᠎ᠡ ᠰᠡᠳᠬᠢᠯ ᠢᠶᠠᠨ ᠠᠭᠤᠵᠢᠷᠠᠭᠤᠯᠵᠤ᠂  ᠴᠤᠭ ᠪᠠᠳᠠᠷᠠᠩᠭᠤᠢ ᠳᠦᠷᠢ ᠲᠦᠷᠬᠦ ᠪᠠᠷ ᠪᠥᠬᠦ ᠶᠠᠪᠤᠴᠠ ᠪᠠᠨ ᠢᠳᠡᠷᠡᠭᠦᠨ ᠢᠶᠠᠷ ᠪᠡᠶᠡᠯᠡᠭᠦᠯᠵᠦ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠭᠦᠢᠴᠡᠳ ᠢᠯᠡᠷᠡᠭᠦᠯᠪᠡ᠃    ᠡᠭᠦᠨ ᠤ ᠬᠠᠮᠲᠤ᠂ ᠵᠡᠭᠦᠨ ᠡᠭᠦᠳᠡ ᠶᠢᠨ ᠠᠭᠤᠳᠠᠮ ᠲᠠᠯᠠᠪᠠᠶ ᠶᠢᠨ ᠳᠡᠯᠭᠡᠨ ᠪᠣᠷᠣᠯᠠᠭᠤᠯᠬᠤ ᠬᠤᠷᠠᠯ ᠤᠨ ᠠᠬᠤᠶ ᠲᠠᠯᠠᠪᠠᠶ ᠠᠯᠢ ᠬᠡᠳᠦᠢ ᠳᠤ ᠬᠥᠷ ᠬᠥᠭᠵᠢᠶᠡᠨ ᠢᠶᠠᠷ ᠪᠢᠯᠬᠠᠵᠤ᠂ ᠱᠧ ᠵᠢᠶᠠᠨ ᠭᠤᠸᠠᠨ ᠵᠢᠶᠠ ᠵᠢᠶᠠᠩ ᠨᠣᠭᠤᠭ᠎ᠠ ᠨᠢ ᠠᠩᠬᠢᠯᠤᠮ᠎ᠠ ᠰᠠᠶᠢᠬᠠᠨ ᠠᠮᠲᠠᠲᠠᠶ᠂ ᠲᠢᠶᠠᠨ ᠶᠢᠤ ᠠᠮᠢ ᠠᠬᠤᠶ ᠶᠢᠨ ᠵᠢᠭᠠᠰᠤᠨ ᠮᠢᠬ᠎ᠠ ᠨᠢ ᠰᠢᠨ᠎ᠡ ᠰᠣᠷᠭᠤᠭ᠂ ᠡᠯᠡᠰᠦᠨ ᠣᠷᠣᠨ ᠤ ᠠᠮᠲᠠᠲᠤ ᠡᠯᠡᠰᠦᠨ ᠴᠥᠯ ᠤᠨ ᠡᠷᠳᠡᠨᠢ ᠰᠢᠰᠢ ᠶᠢᠨ ᠮᠦᠬᠦᠯᠢᠭ ᠳᠦᠭᠦᠷᠡᠩ ᠪᠠᠶᠢᠵᠤ᠂ ᠮᠤᠤ ᠱᠧᠩ ᠤᠨ ᠭᠠᠷ ᠤᠷᠠᠯᠠᠯ ᠤᠨ ᠡᠭᠡᠳᠡᠭᠰᠡᠨ ᠰᠦ ᠨᠢ ᠠᠮᠲᠠ ᠰᠢᠮᠲᠡ ᠲᠠᠢ᠂ ᠬᠤ᠋ ᠲᠦᠩ ᠳᠠᠪᠤᠰᠤᠯᠠᠭᠰᠠᠨ ᠤᠯᠠᠭᠠᠨ ᠨᠣᠭᠤᠭ᠎ᠠ ᠨᠢ ᠢᠰᠬᠦᠯᠡᠩ ᠠᠮᠲᠠᠲᠠᠶ᠂ ᠭᠤᠸᠠᠩ ᠾᠧᠩ ᠠᠮᠲᠠᠲᠤ ᠬᠡᠮᠬᠡ ᠰᠢᠬᠢᠷᠯᠢᠭ ᠰᠢᠭᠦᠰᠦᠯᠢᠭ ᠁ ᠡᠯᠪᠡᠭ ᠪᠠᠶᠠᠯᠢᠭ ᠤᠯᠠᠨ ᠶᠠᠩᠵᠤ《 ᠵᠢᠦ ᠶᠤᠸᠠᠨ ᠤ ᠦᠨᠦᠷ ᠠᠮᠲᠠ 》 ᠨᠢ ᠶᠡᠭᠡ ᠬᠡᠮᠵᠢᠶᠡᠨ ᠤ ᠬᠤᠲᠠ ᠶᠢᠨ ᠠᠷᠠᠳ ᠤᠨ ᠠᠩᠬᠠᠷᠤᠯ ᠢᠶᠠᠨ ᠲᠥᠪᠯᠡᠷᠡᠭᠦᠯᠦᠨ ᠠᠮᠲᠠᠯᠠᠵᠤ᠂ ᠬᠤᠳᠠᠯᠳᠤᠨ ᠠᠪᠬᠤ ᠶᠢ ᠲᠠᠲᠠᠨ᠎ᠠ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠠᠵᠢᠯᠯᠠᠭ᠎ᠠ ᠶᠢᠨ ᠬᠤᠭᠤᠴᠠᠭᠠᠨ ᠳᠤ ᠪᠣᠷᠣᠯᠠᠭᠤᠯᠭ᠎ᠠ ᠶᠢᠨ ᠬᠡᠮᠵᠢᠶ᠎ᠡ ᠨᠡᠶᠢᠲᠡ 10 ᠲᠦᠮᠡᠨ ᠲᠥᠭᠦᠷᠢᠭ ᠢ ᠳᠠᠪᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠬᠦᠴᠦᠲᠡᠶ ᠥᠷᠭᠡᠳᠬᠡᠪᠡ᠃ᠡᠨᠡ ᠤᠳᠠᠭᠠᠨ ᠤ ᠠᠵᠢᠯᠯᠠᠭ᠎ᠠ ᠠᠮᠵᠢᠯᠲᠠ ᠲᠠᠢ ᠶᠠᠪᠤᠭᠳᠠᠭᠰᠠᠨ ᠨᠢ ᠡᠮᠦᠨᠡᠬᠢ ᠬᠤᠭᠤᠴᠠᠭᠠᠨ ᠤ ᠯᠠᠪᠳᠠᠭᠤᠨ ᠪᠠᠲᠤᠲᠠᠢ ᠪᠡᠯᠡᠳᠬᠡᠯ ᠬᠢᠭᠰᠡᠨ ᠠᠴᠠ ᠪᠣᠯᠤᠭᠰᠠᠨ ᠶᠤᠮ᠃ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠠᠷᠤᠶ ᠳᠤᠨᠢ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠠᠵᠢᠯᠯᠠᠭ᠎ᠠ ᠶᠢ ᠲᠦᠰᠦᠪᠯᠡᠬᠦ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠥᠬᠦ ᠶᠠᠪᠤᠴᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠪᠡ︔ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠲᠥᠪ ᠨᠢ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠬᠤᠷᠰᠢᠶ᠎ᠠ ᠪᠠ ᠲᠠᠷᠢᠶᠠᠯᠠᠬᠤ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠵᠤ᠂ ᠦᠵᠡᠭᠦᠯᠦᠯᠭᠡ ᠶᠢᠨ ᠣᠷᠣᠨ ᠪᠠᠶᠢᠷᠢ ᠶᠢᠨ ᠵᠢᠷᠤᠭ ᠲᠥᠯᠥᠪᠯᠡᠭᠡ ᠠᠴᠠ ᠤᠬᠠᠭᠤᠯᠭ᠎ᠠ ᠶᠢᠨ ᠤᠷᠢᠶ᠎ᠠ ᠦᠢᠯᠡᠳᠬᠦ ᠬᠦᠷᠲᠡᠯ᠎ᠡ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠭᠤᠶᠢᠳᠠ ᠰᠠᠶᠢᠬᠠᠨ ᠳᠦᠷᠢ ᠲᠥᠷᠬᠦ ᠳᠤ ᠬᠦᠴᠦ ᠨᠡᠮᠡᠷᠢᠯᠡᠪᠡ᠃    ᠲᠣᠰ ᠤᠳᠠᠭᠠᠨ ᠤ ᠠᠵᠢᠯᠯᠠᠭ᠎ᠠ ᠨᠢ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠢᠳᠡᠪᠬᠢᠲᠡᠶ ᠠᠬᠢᠭᠤᠯᠬᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠳᠤ ᠬᠦᠴᠦ ᠨᠡᠮᠡᠷᠢᠯᠡᠬᠦ ᠡᠷᠡᠰ ᠵᠣᠷᠢᠭ ᠪᠠ ᠠᠵᠢᠯᠯᠠᠭ᠎ᠠ ᠶᠢ ᠭᠦᠢᠴᠡᠳ ᠢᠯᠡᠷᠡᠭᠦᠯᠪᠡ᠃ ᠢᠷᠡᠭᠡᠳᠦᠶ ᠳᠤ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠤᠲᠠ ᠶᠢᠨ ᠠᠷᠠᠳ ᠪᠣᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠳᠤ ᠨᠠᠩ ᠣᠯᠠᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ ᠥᠭᠴᠦ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号