ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/5/29
    2025 ᠣᠨ ᠤ 5 ᠰᠠᠷ᠎ᠠ ᠶᠢᠨ 12  ᠤᠨ ᠡᠳᠦᠷ ᠪᠣᠯ ᠪᠥᠬᠦ ᠤᠯᠤᠰ ᠤᠨ 17 ᠳ᠋ᠤᠭᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠭᠤᠤᠯ ᠰᠡᠳᠦᠪ ᠨᠢ《 ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠨ᠎ᠠ——ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ 》ᠪᠣᠯᠤᠨ᠎ᠠ᠂ ᠠᠵᠢᠯᠯᠠᠵᠤ ᠪᠠᠶᠢᠭ᠎ᠠ ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ 2025 ᠣᠨ ᠤ 5 ᠰᠠᠷ᠎ᠠ ᠶᠢᠨ 19  ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠠᠳᠠᠯ ᠠᠬᠤᠶ ᠶᠢᠨ ᠠᠵᠢᠯ ᠲᠦᠷᠦᠯ ᠤᠨ ᠠᠵᠢᠯ ᠡᠷᠬᠢᠯᠡᠭᠰᠡᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠤᠯᠪᠠᠰᠤᠷᠠᠯ ᠠᠮᠤᠷ ᠲᠦᠪᠰᠢᠨ ᠤ ᠪᠤᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃
11.jpg
    ᠲᠣᠰ ᠤᠳᠠᠭᠠᠨ ᠤ ᠪᠤᠯᠪᠠᠰᠤᠷᠠᠯ ᠳᠤ ᠪᠤᠭᠤᠲᠤ ᠬᠤᠲᠠ ᠶᠢᠨ ᠠᠯᠪᠠᠨ ᠵᠢᠷᠤᠮ ᠤᠨ ᠠᠵᠢᠯᠴᠢᠨ ᠤ ᠬᠤᠯᠪᠣᠭᠠᠲᠤ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠪᠦᠭᠡᠳ ᠭᠦᠢᠴᠡᠳᠭᠡᠬᠦ ᠳᠠᠷᠤᠭ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠭᠴᠢ᠂ ᠨᠡᠶᠢᠭᠡᠮ ᠤᠨ ᠠᠵᠢᠯᠯᠠᠭᠴᠢ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠸᠠᠩ ᠱᠤᠤ ᠵᠢᠶᠦ᠋ᠨ ᠯᠧᠺᠲ᠋ᠤᠷ ᠪᠡᠶ᠎ᠡ ᠪᠠᠷ ᠢᠶᠠᠨ ᠬᠢᠴᠢᠶᠡᠯ ᠤᠷᠤᠬᠤ ᠶᠢ ᠤᠨᠴᠠ ᠤᠷᠢᠭᠰᠠᠨ ᠪᠠᠶᠢᠨ᠎ᠠ᠂ ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠡᠯ᠎ᠡ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠲᠦᠷᠭᠡᠨ ᠠᠪᠤᠷᠠᠬᠤ ᠮᠡᠳᠡᠯᠭᠡ ᠶᠢ ᠨᠢ ᠤᠯᠠᠮ ᠨᠢᠭᠡ ᠠᠯᠬᠤᠮ ᠡᠵᠡᠮᠰᠢᠵᠦ᠂ ᠡᠭᠦᠨ ᠤ ᠤᠯᠠᠮ ᠠᠴᠠ ᠭᠠᠯ ᠤᠨ ᠠᠶᠤᠯ ᠤᠨ ᠠᠳᠡᠯ ᠵᠡᠷᠭᠡ ᠭᠡᠨᠡᠳᠲᠡ ᠶᠢᠨ ᠠᠳᠡᠯ ᠢ ᠨᠠᠩ ᠰᠠᠶᠢᠲᠤᠷ ᠠᠷᠭᠠᠴᠠᠵᠤ᠂ ᠣᠷᠣᠨ ᠰᠠᠭᠤᠴᠠ ᠶᠢᠨ ᠬᠤᠷᠢᠶᠠᠯᠠᠯ ᠤᠨ ᠰᠠᠭᠤᠭᠠᠯᠢ ᠠᠷᠠᠳ ᠲᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号