ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠠᠵᠤ ᠠᠬᠤᠶ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ | ᠲᠣᠭᠲᠠᠭᠤᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠲᠦᠷᠦᠭᠦᠯᠡᠨ ᠬᠢᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ | ᠮᠥᠴᠢᠷ ᠲᠠᠢ ᠬᠠᠮᠲᠤᠷᠠᠨ᠂ ᠨᠢᠭᠡ ᠰᠠᠷ᠎ᠠ ᠶᠢᠨ ᠬᠤᠭᠤᠴᠠᠭ᠎ᠠ ᠲᠠᠢ《 ᠠᠰᠠᠷ ᠱᠦᠭᠦᠷᠳᠡᠨ ᠵᠡᠭᠡᠯᠢ | ᠴᠡᠪᠡᠷᠯᠡᠬᠦ》ᠲᠤᠰᠬᠠᠶ ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠠᠵᠤ ᠠᠬᠤᠶ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠲᠦᠭᠰᠢᠭᠦᠷᠢ ᠶᠢ ᠬᠡᠪᠢᠰ ᠤᠨ ᠮᠠᠶ᠋ᠢᠭ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ | ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠠᠵᠢᠯᠲᠠᠨ ᠠᠴᠠ ᠬᠠᠷᠢᠶ᠎ᠠ ᠣᠷᠣᠨ ᠤ ᠳᠣᠲᠣᠷᠠᠬᠢ ᠮᠥᠩᠭᠦᠨ | ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠢ ᠪᠥᠬᠦ ᠲᠠᠯ᠎ᠠ ᠪᠠᠷ ᠣᠶᠢᠯᠠᠭᠠᠵᠤ᠂ ᠡᠵᠡᠩᠨᠡᠯᠲᠡ ᠶᠢᠨ | ᠬᠡᠪᠴᠢᠶᠡᠨ ᠳᠤ《 ᠮᠥᠩᠭᠦᠨ ᠭᠦᠢᠯᠭᠡᠭᠡᠨ 》᠂《 ᠪᠠᠯᠠ ᠲᠣᠬᠢᠷᠠᠭᠤᠯᠭ᠎ᠠ 》᠂《 ᠪᠡᠯᠡ | ᠤᠷᠤᠭᠤᠯᠤᠯᠲᠠ》ᠵᠡᠷᠭᠡ ᠥᠰᠥᠭ ᠠᠭᠤᠯᠤᠭᠰᠠᠨ ᠲᠦᠭᠰᠢᠭᠦᠷᠢ ᠶᠢᠨ ᠰᠦᠪᠡᠭᠴᠢ ᠲᠠᠢ ᠠᠵᠤ ᠠᠬᠤᠶᠢᠯᠠᠯ ᠵᠢᠴᠢ | ᠬᠠᠷᠢᠶ᠎ᠠ ᠣᠷᠣᠨ ᠤ ᠳᠣᠲᠣᠷᠠᠬᠢ ᠲᠦᠭᠰᠢᠭᠦᠷᠢ ᠳᠤ ᠬᠤᠯᠪᠣᠭᠳᠠᠭᠰᠠᠨ ᠺᠣᠮᠫᠠᠨᠢ ᠳᠤ ᠲᠤᠬᠠᠶ ᠶᠢᠨ ᠲᠠᠯᠠᠪᠠᠶ ᠶᠢᠨ | ᠪᠠᠶᠢᠴᠠᠭᠠᠯᠲᠠ ᠶᠢ ᠭᠤᠤᠯᠳᠠᠯᠭ᠎ᠠ ᠲᠠᠢ ᠬᠢᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠲᠤᠬᠠᠶᠢᠯᠠᠭᠰᠠᠨ | ᠠᠵᠢᠯ ᠤᠨ ᠡᠬᠡ ᠲᠠᠩᠰᠠ ᠵᠡᠷᠭᠡ ᠠᠷᠭ᠎ᠠ ᠬᠡᠯᠪᠡᠷᠢ ᠪᠠᠷ ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠬᠢᠷᠢ ᠬᠡᠮ᠂ | ᠬᠠᠤᠯᠢ ᠶᠢᠨ ᠡᠷᠬᠡᠲᠡᠨ ᠤ ᠪᠠᠶᠢᠳᠠᠯ᠂ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠵᠡᠷᠭᠡ ᠶᠢ ᠨᠠᠷᠢᠨ | ᠣᠶᠢᠯᠠᠭᠠᠵᠤ᠂ ᠣᠯᠠᠨ ᠨᠡᠶᠢᠲᠡ ᠶᠢᠨ ᠬᠠᠳᠠᠭᠠᠯᠠᠮᠵᠢ ᠶᠢ ᠰᠢᠩᠭᠡᠭᠡᠨ ᠠᠪᠬᠤ᠂ ᠪᠠᠯᠠ ᠮᠥᠩᠭᠦ ᠴᠤᠭᠯᠠᠭᠤᠯᠬᠤ ᠵᠡᠷᠭᠡ | ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠬᠠᠷᠭᠤᠭᠤᠯᠤᠨ᠎ᠠ᠃ ᠡᠨᠡ ᠬᠤᠭᠤᠴᠠᠭᠠᠨ ᠳᠤ᠂ ᠪᠠᠶᠢᠴᠠᠭᠠᠬᠤ ᠠᠵᠢᠯᠲᠠᠨ | ᠪᠠᠰᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠵᠢᠯᠲᠠᠨ ᠠᠵᠢᠯᠴᠢᠨ ᠲᠠᠢ ᠰᠠᠨᠠᠯ ᠢᠶᠠᠨ ᠭᠦᠨᠵᠡᠭᠡᠶ | ᠰᠣᠯᠢᠯᠴᠠᠬᠤ ᠶᠢᠨ ᠬᠠᠮᠲᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ | ᠥᠷᠨᠢᠭᠦᠯᠵᠦ᠂ ᠬᠠᠤᠯᠢ ᠶᠤᠰᠤᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠦᠵᠡᠯ ᠤᠬᠠᠮᠰᠠᠷ ᠢ ᠪᠠᠲᠤ ᠪᠣᠶ | ᠪᠣᠯᠭᠠᠵᠤ᠂ ᠡᠵᠡᠩᠨᠡᠯᠲᠡ ᠶᠢᠨ ᠵᠥᠪᠰᠢᠶᠡᠷᠡᠯ ᠤᠨ ᠬᠡᠪᠴᠢᠶ᠎ᠡ ᠶᠢ ᠴᠢᠩᠭ᠎ᠠ ᠵᠢᠷᠤᠮᠯᠠᠨ ᠲᠤᠬᠠᠶᠢᠯᠠᠭᠰᠠᠨ ᠠᠵᠢᠯ ᠢᠶᠠᠨ | ᠥᠷᠨᠢᠭᠦᠯᠬᠦ ᠶᠢ ᠡᠵᠡᠩᠨᠡᠭᠴᠢᠳ ᠲᠤ ᠰᠠᠨᠠᠭᠤᠯᠪᠠ᠃ | | | | ᠲᠣᠰ ᠤᠳᠠᠭᠠᠨ ᠤ ᠠᠵᠢᠯᠯᠠᠭ᠎ᠠ ᠨᠢ ᠨᠡᠶᠢᠲᠡ 4 ᠠᠵᠢᠯᠯᠠᠬᠤ ᠠᠰᠠᠷ᠂ 71 ᠠᠵᠤ ᠠᠬᠤᠶᠢᠯᠠᠯ ᠢ ᠪᠠᠶᠢᠴᠠᠭᠠᠵᠤ᠂ | 450 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ᠂ 300 ᠭᠠᠷᠤᠶ ᠤᠬᠠᠭᠤᠯᠭ᠎ᠠ ᠶᠢᠨ ᠡᠳ᠋ ᠲᠠᠷᠬᠠᠭᠠᠪᠠ᠃《 | ᠪᠠᠶᠢᠴᠠᠭᠠᠬᠤ + ᠤᠬᠠᠭᠤᠯᠤᠨ ᠬᠥᠮᠦᠵᠢᠭᠦᠯᠬᠦ + ᠴᠡᠭᠴᠡᠯᠡᠨ ᠥᠭᠡᠷᠡᠴᠢᠯᠡᠬᠦ 》ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ᠬᠠᠷᠢᠶ᠎ᠠ ᠤᠷᠤᠨ ᠤ ᠮᠥᠩᠭᠦᠨ ᠭᠦᠢᠯᠭᠡᠭᠡᠨ ᠤ ᠠᠮᠢ ᠠᠬᠤᠢ ᠶᠢᠨ | ᠣᠷᠴᠢᠨ ᠨᠥᠬᠦᠴᠡᠯ ᠢ ᠪᠦᠲᠦᠮᠵᠢᠲᠡᠢ ᠴᠡᠪᠡᠷᠰᠢᠭᠦᠯᠵᠦ᠂ ᠠᠵᠤ ᠠᠬᠤᠶᠢᠯᠠᠯ ᠵᠢᠴᠢ ᠣᠯᠠᠨ ᠲᠦᠮᠡᠨ ᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ《 ᠴᠣᠬᠢᠯᠲᠠ ᠦᠭᠬᠦ ᠰᠡᠷᠭᠡᠶᠢᠯᠡᠬᠦ | ᠬᠠᠮᠢᠶᠠᠷᠬᠤ ᠡᠵᠡᠮᠳᠡᠬᠦ ᠤᠬᠠᠭᠤᠯᠤᠯ 》 ᠤᠨ ᠨᠢᠭᠡ ᠴᠤᠭᠴᠠᠵᠢᠭᠤᠯᠤᠭᠰᠠᠨ ᠲᠣᠭᠲᠠᠴᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠣᠯᠠᠨ ᠲᠦᠮᠡᠨ ᠤ《 ᠵᠣᠭᠤᠰᠣᠨ ᠤᠭᠤᠲᠠ 》 ᠶᠢ ᠪᠥᠬᠦ ᠬᠦᠴᠦᠨ ᠢᠶᠠᠷ ᠢᠶᠠᠨ ᠰᠠᠬᠢᠨ | ᠬᠠᠮᠠᠭᠠᠯᠠᠵᠤ᠂ ᠵᠢᠤ ᠶᠤᠸᠠᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ | ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃ | | | | | | |