5 ᠰᠠᠷ᠎ᠠ ᠶᠢᠨ 27 ᠤ ᠡᠳᠦᠷ᠂ ᠵᠢᠤ ᠶᠤᠸᠠᠨ ᠲᠣᠭᠤᠷᠢᠭ ᠤᠨ ᠴᠢᠬᠡᠴᠢ ᠵᠠᠰᠠᠭ ᠤᠨ ᠠᠭᠤᠳᠠᠮ ᠲᠠᠯᠠᠪᠠᠶ ᠬᠥᠷ | ᠬᠥᠭᠵᠢᠶᠡᠨ ᠢᠶᠠᠷ ᠪᠢᠯᠬᠠᠵᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠠᠴᠠ ᠪᠤᠭᠤᠲᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠱᠠ ᠾᠧ ᠵᠡᠭᠡᠯᠢ | ᠭᠤᠳᠤᠮᠵᠢ ᠶᠢᠨ ᠡᠯ᠎ᠡ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠵᠥᠪᠯᠡᠯ ᠲᠠᠢ ᠬᠠᠮᠲᠤᠷᠠᠨ ᠡᠷᠭᠢᠯᠡᠭᠰᠡᠨ《 | ᠲᠥᠷᠥᠯ ᠬᠤᠪᠢᠶᠠᠨ ᠵᠡᠷᠭᠡ ᠪᠠᠷ ᠣᠷᠣᠯᠴᠠᠵᠤ᠂ ᠳᠤᠤᠷ᠎ᠠ ᠨᠡᠭᠦᠷᠡᠰᠦᠲᠥ᠋ᠷᠥᠭᠴᠢᠲᠦ ᠰᠢᠨ᠎ᠡ ᠴᠠᠭ ᠤᠨ ᠥᠩᠭᠡ 》ᠭᠡᠬᠦ | ᠭᠤᠤᠯ ᠰᠡᠳᠦᠪᠲᠦ ᠠᠵᠢᠯᠯᠠᠭ᠎ᠠ ᠠᠳᠡ ᠶᠠᠪᠤᠭᠳᠠᠪᠠ᠃ ᠠᠵᠢᠯᠯᠠᠭ᠎ᠠ ᠨᠢ ᠤᠷᠠᠨ ᠰᠠᠶᠢᠬᠠᠨ ᠤ ᠲᠣᠭᠯᠠᠯᠲᠠ᠂ | ᠰᠣᠨᠢᠷᠬᠠᠯᠲᠤ ᠲᠣᠭᠯᠠᠭᠠᠮ᠂ ᠮᠡᠳᠡᠯᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠣᠯᠠᠨ ᠡᠰᠢᠲᠦ ᠬᠡᠯᠪᠡᠷᠢ ᠪᠠᠷ | ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠰᠠᠭᠤᠭᠠᠯᠢ ᠠᠷᠠᠳ ᠤᠨ ᠠᠮᠢᠳᠤᠷᠠᠯ ᠤᠨ ᠠᠬᠤᠶ ᠪᠠᠶᠢᠳᠠᠯ ᠳᠤ | ᠠᠭᠤᠰᠤᠯᠴᠠᠭᠤᠯᠵᠤ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠭ ᠨᠣᠪᠰᠢ ᠶᠢ ᠲᠥᠷᠥᠯ | ᠬᠤᠪᠢᠶᠠᠨ ᠤᠬᠠᠭᠤᠯᠬᠤ ᠠᠵᠢᠯ ᠢ ᠠᠬᠢᠭᠤᠯᠤᠭᠰᠠᠨ ᠰᠢᠨ᠎ᠡ ᠶᠢ ᠡᠭᠦᠳᠦᠭᠰᠡᠨ ᠦᠢᠯᠡᠳᠦᠯᠭᠡ ᠶᠢ ᠠᠮᠢᠳᠤᠯᠢᠭ ᠢᠶᠠᠷ | ᠢᠯᠡᠷᠡᠭᠦᠯᠪᠡ᠃ | | | | ᠤᠳᠬ᠎ᠠ ᠤᠷᠠᠯᠢᠭ ᠢᠶᠠᠷ ᠲᠠᠪᠴᠠᠩ ᠪᠠᠶᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ《 | ᠠᠮᠢᠳᠤᠯᠢᠭ 》ᠪᠣᠯᠪᠠ᠃ ᠠᠵᠢᠯᠯᠠᠭ᠎ᠠ ᠡᠬᠢᠯᠡᠬᠦ ᠳᠤ᠂ ᠭᠡᠷ ᠬᠤᠷᠢᠶᠠᠯᠠᠯ ᠤᠨ ᠠᠵᠢᠯᠲᠠᠳ《 ᠣᠷᠴᠢᠨ ᠲᠣᠭᠤᠷᠢᠨ ᠤ | ᠬᠠᠮᠠᠭᠠᠯᠠᠯᠲᠠ ᠶᠢᠨ ᠣᠷᠣᠯᠠᠨ ᠥᠭᠦᠯᠡᠭᠴᠢ 》ᠪᠤᠯᠵᠤ᠂ ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠣᠭᠯᠠᠭᠰᠠᠨ | ᠪᠥᠵᠢᠭ ᠤᠨ ᠫᠷᠦᠭᠷᠡᠮ ᠢᠶᠠᠷ ᠪᠣᠬᠢᠷᠲᠤᠯ ᠦᠭᠡᠢ ᠠᠮᠢᠳᠤᠷᠠᠯ ᠤᠨ ᠤᠢᠢᠯᠠᠭᠠᠭᠳᠠᠬᠤᠨ ᠢ ᠳᠠᠮᠵᠢᠭᠤᠯᠪᠠ᠃ | ᠤᠷᠠᠯᠢᠭᠵᠢᠭᠤᠯᠤᠨ ᠢᠯᠡᠳᠬᠡᠬᠦ ᠪᠠᠷ ᠳᠠᠮᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠲᠥᠪ ᠴᠢᠩᠭ᠎ᠠ | ᠭᠤᠤᠯ ᠰᠡᠳᠦᠪ ᠢ ᠰᠠᠭᠤᠭᠠᠯᠢ ᠠᠷᠠᠳ ᠤᠨ ᠦᠵᠡᠵᠦ ᠰᠣᠨᠣᠰᠬᠤ ᠳᠤᠷᠠᠲᠠᠶ ᠤᠳᠬ᠎ᠠ ᠤᠷᠠᠯᠢᠭ ᠤᠨ ᠬᠡᠯᠪᠡᠷᠢ ᠪᠣᠯᠭᠠᠨ | ᠬᠤᠪᠢᠷᠠᠭᠤᠯᠵᠤ᠂ ᠤᠯᠠᠮᠵᠢᠯᠠᠯᠲᠤ ᠨᠣᠮᠯᠠᠯ ᠤᠨ ᠵᠠᠭᠪᠤᠷ ᠢ ᠡᠪᠳᠡᠵᠦ᠂ ᠣᠯᠠᠨ ᠲᠦᠮᠡᠨ ᠲᠠᠢ ᠨᠡᠪᠲᠡᠷᠡᠯᠴᠡᠬᠦ ᠬᠠᠶᠢᠷ᠎ᠠ | ᠰᠡᠳᠬᠢᠯᠭᠡ ᠶᠢᠨ ᠬᠥᠭᠦᠷᠭᠡ ᠶᠢ ᠪᠠᠶᠢᠭᠤᠯᠵᠤ᠂《 ᠡᠷᠡᠭᠦᠯ᠂ ᠨᠡᠭᠦᠷᠡᠰᠦᠲᠥ᠋ᠷᠥᠭᠴᠢ ᠪᠠᠭ᠎ᠠ 》ᠠᠮᠢᠳᠤᠷᠠᠯ ᠤᠨ ᠠᠷᠭ᠎ᠠ | ᠮᠠᠶ᠋ᠢᠭ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ | | | | ᠲᠣᠭᠯᠠᠭᠠᠮ ᠴᠢᠳᠠᠪᠤᠷᠢ ᠣᠯᠭᠤᠵᠤ᠂ ᠠᠩᠭᠢᠯᠠᠬᠤ ᠮᠡᠳᠡᠯᠭᠡ ᠶᠢ《 ᠬᠥᠳᠡᠯᠭᠡᠨ᠎ᠡ 》᠃ ᠬᠠᠷᠢᠯᠴᠠᠨ | ᠦᠢᠯᠡᠳᠦᠯᠴᠡᠬᠦ ᠴᠢᠨᠠᠷ ᠢ ᠴᠢᠩᠭᠠᠳᠬᠠᠬᠤ ᠶᠢᠨ ᠲᠥᠯᠥᠭᠡ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ | ᠰᠣᠨᠢᠷᠬᠠᠯᠲᠠᠶ ᠲᠣᠭᠯᠠᠭᠠᠮ ᠤᠨ ᠭᠤᠭᠴᠤᠭ᠎ᠠ ᠶᠢ ᠨᠠᠷᠢᠨ ᠨᠢᠮᠪᠠᠶ ᠵᠢᠷᠤᠵᠤ ᠲᠥᠯᠥᠪᠯᠡᠨ᠎ᠡ :《 ᠱᠣ ᠬᠠᠶᠠᠵᠤ ᠰᠡᠳᠦᠪ | ᠬᠠᠷᠢᠭᠤᠯᠬᠤ 》ᠣᠷᠣᠨ ᠳᠤ᠂ ᠰᠠᠭᠤᠭᠠᠯᠢ ᠠᠷᠠᠳ《 ᠠᠷᠢᠭᠤᠳᠬᠠᠬᠤ ᠰᠢᠩᠭᠡᠨ ᠨᠢ ᠶᠠᠮᠠᠷ ᠬᠤᠭ ᠨᠣᠪᠰᠢ ᠳᠤ | ᠲᠣᠭᠠᠴᠠᠭᠳᠠᠬᠤ ᠪᠣᠶ 》᠂《 ᠭᠤᠷᠪᠠᠨ ᠵᠦᠢᠯ ᠤᠨ ᠬᠤᠤᠷᠲᠠᠶ ᠬᠤᠭ ᠨᠣᠪᠰᠢ ᠶᠢ ᠬᠡᠯᠡᠵᠦ ᠭᠠᠷᠭᠠᠬᠤ 》ᠵᠡᠷᠭᠡ | ᠠᠰᠠᠭᠤᠳᠠᠯ ᠳᠤ ᠬᠠᠷᠢᠭᠤᠯᠲᠠ ᠦᠭᠬᠦ ᠪᠠᠷ ᠳᠡᠮᠵᠢᠨ᠂ ᠲᠥᠷᠥᠯ ᠬᠤᠪᠢᠶᠠᠬᠤ ᠤᠷ᠎ᠠ ᠮᠡᠷᠭᠡᠵᠢᠯ ᠢ ᠠᠮᠠᠷᠬᠠᠨ ᠡᠵᠡᠮᠰᠢᠪᠡ︔ | 《 ᠤᠷᠠᠬᠠᠯᠠᠬᠤ ᠶᠡᠭᠡ ᠥᠷᠢᠰᠥᠯᠳᠦᠭᠡᠨ 》 ᠳᠤ᠂ ᠣᠷᠣᠯᠴᠠᠭᠴᠢ ᠨᠢ ᠬᠤᠭ ᠤᠨ ᠨᠡᠷᠡᠶᠢᠳᠦᠯ ᠲᠠᠢ ᠴᠠᠭᠠᠰᠤ ᠶᠢ | ᠤᠨᠤᠪᠴᠢᠲᠠᠢ ᠪᠠᠷ ᠲᠤᠬᠤᠵᠤ ᠤᠯᠬᠤ ᠬᠡᠷᠡᠭᠲᠡᠶ ᠪᠥᠭᠡᠳ ᠵᠥᠪ ᠲᠥᠷᠥᠯ ᠬᠤᠪᠢᠶᠠᠪᠠᠯ ᠰᠠᠶ᠋ᠢ ᠱᠠᠩᠨᠠᠯ ᠣᠯᠵᠤ | ᠪᠣᠯᠤᠨ᠎ᠠ᠃ ᠲᠤᠬᠠᠢ ᠶᠢᠨ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠰᠠᠭᠤᠭᠠᠯᠢ ᠠᠷᠠᠳ ᠲᠣᠭᠯᠠᠭᠠᠮ ᠤᠨ ᠳᠤᠮᠳᠠ | ᠮᠡᠳᠡᠯᠭᠡ ᠪᠠᠨ ᠲᠦᠷᠭᠡᠨ ᠰᠢᠩᠭᠡᠭᠡᠵᠦ᠂《 ᠨᠠᠭᠠᠳᠬᠤ ᠶᠢᠨ ᠳᠤᠮᠳᠠ ᠰᠤᠷᠴᠤ᠂ ᠰᠤᠷᠬᠤ ᠶᠢᠨ ᠳᠤᠮᠳᠠ | ᠴᠡᠭᠡᠵᠢᠯᠡᠬᠦ》 ᠶᠢ ᠪᠡᠶᠡᠯᠡᠭᠦᠯᠪᠡ᠃ | ᠪᠦᠬᠦ ᠠᠷᠠᠳ ᠢᠶᠠᠷ ᠢᠶᠠᠨ ᠣᠷᠣᠯᠴᠠᠵᠤ᠂ ᠪᠣᠬᠢᠷᠲᠤᠯ ᠦᠭᠡᠢ ᠠᠵᠢᠯᠯᠠᠭ᠎ᠠ《 ᠬᠥᠭᠵᠢᠶᠡᠨ ᠲᠠᠢ 》ᠪᠣᠯᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠤᠭ ᠨᠣᠪᠰᠢ ᠶᠢ ᠲᠥᠷᠥᠯ ᠬᠤᠪᠢᠶᠠᠨ ᠦᠢᠯᠡᠳᠦᠯᠭᠡᠵᠢᠭᠦᠯᠦᠭᠴᠢ ᠶᠢᠨ | ᠭᠠᠷ ᠤᠨ ᠥᠰᠥᠭ ᠤᠨ ᠬᠡᠷᠡᠮ ᠳᠣᠭᠢᠷᠠᠭᠤᠯᠵᠤ᠂ ᠰᠠᠭᠤᠭᠠᠯᠢ ᠠᠷᠠᠳ ᠢᠳᠡᠪᠬᠢᠲᠡᠶ ᠪᠠᠷ ᠭᠠᠷ ᠤᠨ ᠥᠰᠥᠭ | ᠵᠢᠷᠤᠬᠤ ᠶᠢᠨ ᠬᠠᠮᠲᠤ ᠲᠥᠷᠥᠯ ᠬᠤᠪᠢᠶᠠᠨ ᠢᠯᠭᠠᠬᠤ ᠲᠡᠮᠳᠡᠭ ᠲᠠᠢ ᠣᠷᠴᠢᠨ ᠲᠣᠭᠤᠷᠢᠨ ᠢ ᠬᠠᠮᠠᠭᠠᠯᠠᠬᠤ ᠪᠥᠰ | ᠤᠭᠤᠲᠠ᠂ ᠬᠥᠯᠳᠡᠭᠡᠭᠦᠷ ᠤᠨ ᠨᠠᠭᠠᠯᠲᠠ ᠵᠡᠷᠭᠡ ᠪᠣᠳᠠᠲᠤ ᠬᠡᠷᠡᠭᠯᠡᠭᠡᠨ ᠤ ᠪᠡᠯᠡᠭ ᠢ ᠠᠪᠤᠨ᠎ᠠ᠃ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠠᠵᠢᠯᠲᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢ ᠵᠡᠷᠭᠡ ᠪᠠᠷ ᠥᠷᠨᠢᠭᠦᠯᠵᠦ᠂ | ᠴᠠᠭᠠᠰᠤᠨ ᠰᠢᠭᠡᠰᠦᠨ ᠥᠮᠥᠳᠥ᠂ ᠬᠤᠭᠤᠴᠠᠭ᠎ᠠ ᠥᠩᠭᠡᠷᠡᠭᠰᠡᠨ ᠡᠮ ᠤᠨ ᠵᠦᠢᠯ ᠵᠡᠷᠭᠡ ᠦᠷᠭᠦᠯᠵᠢ ᠲᠣᠬᠢᠶᠠᠯᠳᠤᠳᠠᠭ | ᠡᠳ᠋ ᠪᠣᠳᠠᠰ ᠢ ᠲᠥᠷᠥᠯ ᠬᠤᠪᠢᠶᠠᠬᠤ ᠬᠦᠴᠢᠷ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠠᠶ ᠳᠤ ᠮᠠᠳᠠᠭ ᠲᠠᠢ | ᠠᠰᠠᠭᠤᠳᠠᠯ ᠢ ᠨᠢ ᠬᠠᠷᠢᠭᠤᠯᠵᠤ᠂ ᠰᠠᠭᠤᠭᠠᠯᠢ ᠠᠷᠠᠳ ᠢ ᠬᠠᠪᠰᠤᠷᠤᠨ ᠠᠳᠡᠭᠦᠷᠡᠯ ᠢ ᠨᠢ ᠲᠣᠳᠣᠷᠬᠠᠶ ᠪᠣᠯᠭᠠᠪᠠ᠃ | ᠴᠥᠭᠡᠨ ᠪᠤᠰᠤ ᠣᠷᠣᠯᠴᠠᠭᠴᠢ :《 ᠠᠵᠢᠯᠯᠠᠭ᠎ᠠ ᠰᠣᠨᠢᠷᠬᠠᠯᠲᠠᠶ ᠪᠥᠭᠡᠳ ᠬᠡᠷᠡᠭᠴᠡᠭᠡ ᠲᠠᠢ᠂ ᠬᠤᠭ ᠨᠣᠪᠰᠢ ᠶᠢ | ᠲᠥᠷᠥᠯ ᠬᠤᠪᠢᠶᠠᠬᠤ ᠳᠤ ᠲᠡᠶᠢᠮᠦ ᠬᠦᠴᠢᠷ ᠪᠢᠰᠢ ᠪᠤᠯᠵᠠᠢ》ᠭᠡᠵᠦ ᠢᠯᠡᠷᠬᠡᠶᠢᠯᠡᠵᠡᠶ᠃ | ᠤᠷᠳᠤ ᠬᠤᠭᠤᠴᠠᠭ᠎ᠠ ᠪᠦᠲᠦᠮᠵᠢᠲᠡᠢ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠦᠷᠭᠦᠯᠵᠢᠯᠡᠨ | ᠤᠯᠠᠮᠵᠢᠯᠠᠨ᠎ᠠ᠃ ᠲᠣᠰ ᠤᠳᠠᠭᠠᠨ ᠤ《 ᠴᠠᠬᠢᠯᠭᠠᠨ ᠴᠡᠨᠡᠭᠯᠡᠬᠦ ᠦᠷᠲᠡᠭᠡ 》ᠮᠠᠶ᠋ᠢᠭ ᠤᠨ ᠤᠬᠠᠭᠤᠯᠭ᠎ᠠ ᠶᠢᠨ | ᠠᠵᠢᠯᠯᠠᠭ᠎ᠠ ᠪᠣᠯ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠭ ᠨᠣᠪᠰᠢ ᠶᠢ ᠲᠥᠷᠥᠯ | ᠬᠤᠪᠢᠶᠠᠬᠤ ᠶᠢ ᠭᠦᠨᠵᠡᠭᠡᠶᠢᠷᠡᠭᠦᠯᠦᠭᠰᠡᠨ ᠪᠥᠬᠦ ᠠᠷᠠᠳ ᠤᠨ ᠳᠠᠶᠢᠴᠢᠯᠠᠯᠲᠠ ᠶᠢᠨ ᠬᠤᠷᠢᠶᠠᠩᠭᠤᠶ ᠳᠦᠷᠰᠦ ᠪᠣᠯᠤᠨ᠎ᠠ᠃ | ᠡᠨᠡ ᠵᠢᠯ ᠠᠴᠠ ᠨᠠᠰᠢ᠂ ᠲᠣᠰ ᠲᠣᠪᠴᠢᠶ᠎ᠠ《 ᠵᠠᠰᠠᠭ ᠭᠡᠷ ᠬᠤᠷᠢᠶᠠᠯᠠᠯ ᠤᠨ ᠬᠤᠯᠪᠣᠭᠠᠯᠠᠨ | ᠬᠥᠳᠡᠯᠦᠯᠴᠡᠬᠦ》ᠲᠣᠭᠲᠠᠴᠠ ᠪᠠᠷ ᠳᠠᠮᠵᠢᠭᠤᠯᠤᠨ᠂ ᠭᠡᠷ ᠬᠤᠷᠢᠶᠠᠯᠠᠯ ᠲᠠᠢ ᠬᠠᠮᠲᠤᠷᠠᠨ ᠭᠤᠤᠯ ᠰᠡᠳᠦᠪᠲᠦ | ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ《 ᠵᠠᠰᠠᠭ ᠤᠨ | ᠣᠷᠳᠣᠨ ᠤ ᠱᠠᠭᠠᠷᠳᠠᠯᠭ᠎ᠠ 》 ᠠᠴᠠ《 ᠰᠠᠭᠤᠭᠠᠯᠢ ᠠᠷᠠᠳ ᠤᠨ ᠳᠠᠳᠬᠠᠯ 》ᠳᠠᠰᠢ ᠬᠤᠪᠢᠷᠠᠬᠤ ᠶᠢ ᠠᠬᠢᠭᠤᠯᠪᠠ᠃ | ᠲᠠᠷᠠᠭᠠᠴᠢ ᠪᠠᠷ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠭ ᠨᠣᠪᠰᠢ ᠶᠢ ᠲᠥᠷᠥᠯ ᠬᠤᠪᠢᠶᠠᠨ | ᠤᠬᠠᠭᠤᠯᠬᠤ ᠰᠢᠨ᠎ᠡ ᠶᠢ ᠡᠭᠦᠳᠬᠦ ᠠᠵᠢᠯᠯᠠᠭ᠎ᠠ ᠶᠢ ᠰᠦᠪᠡᠭᠴᠢᠯᠡᠵᠦ᠂ ᠲᠥᠷᠥᠯ ᠬᠤᠪᠢᠶᠠᠬᠤ ᠮᠡᠳᠡᠯᠭᠡ ᠶᠢ ᠤᠯᠠᠮ | ᠨᠢᠭᠡ ᠠᠯᠬᠤᠮ ᠲᠦᠭᠡᠮᠡᠯᠵᠢᠭᠦᠯᠵᠦ᠂《 ᠭᠠᠷ ᠡᠷᠭᠦᠬᠦ ᠬᠥᠳᠡᠯᠮᠦᠷᠢ 》 ᠶᠢ ᠪᠥᠬᠦ ᠲᠤᠭᠤᠷᠢᠭ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠪᠠᠲᠤ ᠴᠢᠩᠭ᠎ᠠ ᠬᠦᠴᠦᠨ ᠪᠣᠯᠭᠠᠨ᠎ᠠ᠃ | | | | | | | |